ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/25
      4 ᠳ᠋ᠦ᠋ᠭᠡᠷ ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠢ ᠲᠣᠬᠢᠷᠠᠭᠤᠯᠵᠤ ᠰᠢᠯᠢᠳᠡᠭᠵᠢᠭᠦᠯᠬᠦ ᠠᠵᠢᠯ ᠢ ᠲᠥᠯᠥᠪᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃

1.jpg

2.jpg

      ᠬᠤᠷᠠᠯ ᠠᠴᠠ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠪᠠᠶᠢᠯᠳᠤᠬᠤ

ᠪᠣᠳᠣᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠨ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ

ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠎ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ

ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ

ᠦᠢᠯᠡᠴᠢᠯᠡᠬᠦ ᠶᠢ ᠪᠠᠷᠢᠮᠲᠠᠯᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ

ᠬᠥᠭᠵᠢᠯᠲᠡ ᠎ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ

ᠪᠠᠶᠢᠷᠢᠯᠠᠭᠤᠯᠤᠯᠲᠠ ᠶᠢ ᠲᠣᠬᠢᠷᠠᠭᠤᠯᠵᠤ ᠰᠢᠯᠢᠳᠡᠭᠵᠢᠭᠦᠯᠵᠦ ᠥᠭᠡᠷᠡᠴᠢᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂

ᠴᠢᠳᠠᠪᠤᠷᠢᠲᠠᠨ ᠬᠥᠮᠦᠵᠢᠭᠦᠯᠬᠦ ᠪᠠ ᠨᠡᠶᠢᠭᠡᠮ ᠤᠨ ᠬᠥᠭᠵᠢᠯᠲᠡ ᠶᠢᠨ ᠢᠵᠢᠯ ᠳᠠᠪᠲᠠᠮᠵᠢ ᠪᠠᠷ ᠤᠷᠤᠭᠰᠢᠯᠠᠬᠤ ᠶᠢ

ᠪᠡᠶᠡᠯᠡᠭᠦᠯᠬᠦ ᠬᠡᠷᠡᠭᠲᠡᠢ᠃ ᠰᠢᠨᠵᠢᠯᠡᠭᠡᠨ ᠤ ᠰᠠᠯᠠᠭᠠᠨ ᠎ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠬᠢᠷᠢ ᠲᠦᠪᠰᠢᠨ

᠎ ᠢ ᠦᠷᠭᠦᠯᠵᠢᠯᠡᠨ ᠳᠡᠭᠡᠭᠰᠢᠯᠡᠭᠦᠯᠵᠦ᠂ ᠬᠠᠷᠠᠯᠲᠠ ᠪᠠᠨ ᠲᠣᠭᠲᠠᠭᠠᠵᠤ᠂ ᠲᠡᠷᠢᠭᠦᠨ ᠤ ᠪᠣᠯᠬᠤ ᠪᠠᠷ ᠴᠢᠷᠮᠠᠶᠢᠵᠤ᠂          

︽ᠪᠦᠰᠡᠯᠡᠯᠲᠡ ᠎ ᠶᠢ ᠰᠢᠪᠲᠤᠯᠬᠤ︾ ᠡᠷᠴᠢ ᠵᠣᠷᠢᠭ ᠢᠶᠠᠷ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ ᠡᠷᠴᠢᠮ ᠢᠶᠠᠨ

ᠴᠢᠩᠭᠠᠷᠠᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠪᠠ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ          

ᠬᠡᠷᠡᠭᠲᠡᠢ᠃ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ

ᠣᠷᠣᠨ ᠤ ︽ᠲᠠᠪᠤᠨ ᠶᠡᠭᠡ ᠡᠭᠦᠷᠭᠡ︾᠎ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂

ᠰᠢᠨᠵᠢᠯᠡᠭᠡᠨ ᠎ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂

ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠦᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠢᠳᠠᠪᠤᠷᠢᠲᠠᠨ

ᠬᠥᠮᠦᠵᠢᠭᠦᠯᠬᠦ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠣᠬᠢᠴᠠᠬᠤ ᠬᠡᠮᠵᠢᠶ᠎ᠡ ᠶᠢ ᠳᠡᠭᠡᠭᠰᠢᠯᠡᠭᠦᠯᠬᠦ 

ᠬᠡᠷᠡᠭᠲᠡᠢ᠃ ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠨ᠂ ᠤᠷᠢᠳ ᠢᠶᠠᠷ ᠪᠠᠶᠢᠭᠤᠯᠵᠤ ᠳᠠᠷᠠᠭ᠎ᠠ ᠨᠢ

ᠡᠪᠳᠡᠬᠦ ᠶᠢ ᠪᠠᠷᠢᠮᠲᠠᠯᠠᠵᠤ᠂ ︽ᠰᠢᠨ᠎ᠡ ᠲᠧᠭᠨᠢᠭ ᠤᠨ ᠤᠬᠠᠭᠠᠨ᠂ ᠰᠢᠨ᠎ᠡ ᠠᠨᠠᠭᠠᠬᠤ ᠤᠬᠠᠭᠠᠨ᠂ ᠰᠢᠨ᠎ᠡ

ᠲᠠᠷᠢᠶᠠᠯᠠᠩ ᠤᠨ ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ︾᠎ ᠤ ᠪᠦᠲᠦᠭᠡᠨ ᠪᠠᠶᠢᠭᠤᠯᠤᠯᠲᠠ ᠪᠠᠷ

ᠵᠢᠯᠣᠭᠤᠳᠤᠮᠵᠢ ᠪᠣᠯᠭᠠᠨ᠂ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭ᠎ᠠ ᠶᠢ ᠬᠦᠴᠦᠷᠬᠡᠭᠵᠢᠭᠦᠯᠦᠨ

ᠰᠢᠯᠢᠳᠡᠭᠵᠢᠭᠦᠯᠵᠦ᠂ ᠬᠤᠭᠤᠰᠣᠨ ᠪᠠ ᠪᠠᠴᠢᠮ ᠬᠡᠷᠡᠭᠰᠡᠬᠦ ᠰᠢᠨᠵᠢᠯᠡᠭᠡᠨ ᠤ ᠰᠠᠯᠠᠭ᠎ᠠ ᠶᠢ ᠨᠡᠮᠡᠨ ᠪᠠᠶᠢᠭᠤᠯᠵᠤ᠂

ᠰᠢᠨ᠎ᠡ ᠪᠠᠷ ᠬᠥᠭᠵᠢᠭᠰᠡᠨ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢ ᠪᠤᠶᠢᠵᠢᠭᠤᠯᠵᠤ᠂ ᠶᠡᠭᠡ ᠳᠡᠭᠡᠳᠦ ᠰᠤᠷᠭᠠᠭᠤᠯᠢ

᠎ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ

ᠥᠬᠡᠶ ᠳᠡᠭᠡᠭᠰᠢᠯᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠤᠰ ᠪᠣᠯᠤᠨ

ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ

ᠭᠦᠨᠵᠡᠭᠡᠢ ᠰᠤᠷᠤᠯᠴᠠᠨ ᠣᠶᠢᠯᠠᠭᠠᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ

ᠨᠠᠶᠢᠷᠠᠭᠤᠯᠤᠨ ᠵᠣᠬᠢᠶᠠᠬᠤ᠂ ︽ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ︾᠎ ᠲᠠᠢ ᠤᠶᠠᠯᠳᠤᠭᠤᠯᠤᠨ᠂

ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠵᠤ ᠰᠢᠯᠢᠳᠡᠭᠵᠢᠭᠦᠯᠬᠦ

ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠤᠳᠤᠷᠢᠳᠬᠤ ᠬᠠᠷᠢᠭᠤᠴᠠᠯᠭ᠎ᠠ ᠶᠢᠨ ᠳᠣᠭᠲᠠᠯᠴᠠᠭ᠎ᠠ ᠪᠣᠯᠤᠨ ᠠᠵᠢᠯ ᠤᠨ

ᠲᠣᠭᠲᠠᠴᠠ ᠶᠢ ᠲᠡᠭᠦᠯᠳᠡᠷᠵᠢᠭᠦᠯᠦᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂

ᠦᠷ᠎ᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠨ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ

ᠪᠠᠶᠢᠭᠤᠯᠤᠯᠲᠠ ᠶᠢᠨ ︽ᠪᠠᠭ᠎ᠠ ᠶᠠᠪᠤᠳᠠᠯ︾᠎ ᠠᠴᠠ ᠭᠠᠷᠳᠠᠵᠤ᠂ ᠰᠤᠷᠭᠠᠨ ᠬᠥᠮᠥᠵᠢᠯ ᠤᠨ ᠬᠦᠴᠦᠷᠬᠡᠭ ᠣᠷᠣᠨ ᠤ

ᠪᠠᠶᠢᠭᠤᠯᠤᠯᠲᠠ ᠶᠢᠨ ︽ᠶᠡᠭᠡ ᠬᠠᠭᠤᠳᠠᠰᠤ︾᠎ ᠶᠢ ᠪᠢᠴᠢᠭᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ

ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ

ᠴᠢᠬᠤᠯᠠᠴᠢᠯᠠᠪᠠ᠃

      ᠬᠤᠷᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ

ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ

ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ

ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠠᠨᠠᠯ ᠢᠶᠠᠨ

ᠰᠣᠯᠢᠯᠴᠠᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠲᠢᠩᠬᠢᠮ ᠤᠨ

ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠬᠤ ᠭᠠᠵᠠᠷ ᠲᠠᠰᠤᠭ ᠤᠨ ᠭᠤᠣᠯ ᠬᠠᠷᠢᠭᠤᠴᠠᠯᠭᠠᠲᠠᠨ᠂

ᠬᠤᠯᠪᠣᠭᠳᠠᠬᠤ ᠶᠡᠭᠡ ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号