4 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠨᠠᠷ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠭᠦᠨᠵᠡᠭᠡᠶᠢᠷᠡᠵᠦ᠂ ︽ᠲᠡᠷᠢᠭᠦᠨ ᠤ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠲᠡᠭᠦᠰᠦᠭᠰᠡᠳ ᠲᠤ ᠠᠵᠢᠯ ᠣᠯᠭᠤᠬᠤ ᠠᠵᠢᠯ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ︾ ᠵᠡᠷᠭᠡ ᠭᠤᠣᠯᠳᠠᠯᠭ᠎ᠠ ᠲᠠᠢ ᠠᠵᠢᠯ ᠤᠨ | ᠲᠣᠭᠤᠷᠢᠨ ᠳᠤ ᠪᠠᠶᠢᠴᠠᠭᠠᠨ ᠰᠣᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | | | | | | | ᠳ᠋ᠦ᠋ ᠬᠤᠢ ᠯᠢᠶᠠᠩ ᠨᠠᠷ ᠤᠷᠢᠳ ᠬᠤᠵᠢᠳ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ | ᠰᠤᠳᠤᠯᠭᠠᠨ ᠤ ᠵᠢᠱᠢᠶ᠎ᠡ ᠦᠵᠡᠭᠦᠯᠬᠦ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠮ ᠢ | ᠰᠢᠯᠢᠨ ᠰᠣᠩᠭᠤᠬᠤ ᠢᠨᠵᠧᠨᠧᠷᠢᠩ ᠤᠨ ᠰᠤᠳᠤᠯᠭᠠᠨ ᠤ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠣᠩᠭᠤᠯ ᠡᠮ ᠤᠨ ᠡᠮ ᠤᠨ ᠬᠦᠴᠦ ᠶᠢ ᠪᠠᠳᠠᠷᠠᠭᠤᠯᠬᠤ ᠪᠣᠳᠠᠰ ᠪᠣᠯᠤᠨ ᠴᠢᠨᠠᠷ ᠢ ᠡᠵᠡᠮᠳᠡᠬᠦ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠵᠡᠷᠭᠡ ᠪᠠᠶᠢᠷᠢ ᠲᠠᠯᠠᠪᠤᠷ ᠲᠤ ᠭᠦᠨᠵᠡᠭᠡᠶᠢᠷᠡᠨ ᠲᠤᠬᠠᠢ ᠶᠢᠨ | ᠭᠠᠵᠠᠷ ᠲᠤ ᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠰᠤᠷᠭᠠᠨ | ᠬᠥᠮᠦᠵᠢᠯ ᠵᠢᠭᠠᠨ ᠰᠤᠷᠭᠠᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠥᠮᠦᠵᠢᠯ ᠪᠠ ᠠᠮᠤᠷ ᠲᠦᠪᠰᠢᠨ ᠤ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠨᠠᠷᠢᠨ ᠣᠶᠢᠯᠠᠭᠠᠪᠠ᠃ | | | | | | ᠳ᠋ᠦ᠋ ᠬᠤᠢ ᠯᠢᠶᠠᠩ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠰᠤᠷᠭᠠᠨ | ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ᠨᠡᠶᠢᠭᠡᠮ ᠤᠨ ᠡᠯ᠎ᠡ ᠡᠲᠡᠭᠡᠳ ᠤᠨ ᠬᠦᠰᠡᠯ ᠢ ᠢᠳᠡᠪᠬᠢᠲᠡᠢ ᠬᠠᠷᠢᠭᠤᠯᠵᠤ᠂ ᠲᠤᠯᠭᠠᠮ ᠰᠡᠳᠬᠢᠯᠭᠡ᠂ ᠲᠦᠭᠰᠢᠭᠦᠷᠢᠲᠦ | ᠰᠡᠳᠬᠢᠯᠭᠡ ᠶᠢ ᠴᠢᠩᠭᠠᠷᠠᠭᠤᠯᠤᠨ᠂ ᠠᠵᠠ ᠲᠣᠬᠢᠶᠠᠯ ᠢ ᠡᠵᠡᠮᠳᠡᠵᠦ᠂ ᠠᠰᠢᠭ ᠲᠠᠢ ᠪᠠᠶᠢᠳᠠᠯ ᠢ ᠠᠮᠵᠢᠨ ᠤᠷᠤᠭᠰᠢᠯᠠᠵᠤ᠂ | ᠣᠷᠣᠨ ᠪᠦᠰᠡ ᠶᠢᠨ ᠣᠨᠴᠠᠯᠢᠭ ᠲᠠᠢ ᠲᠡᠷᠢᠭᠦᠨ ᠤ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢ ᠲᠦᠷᠭᠡᠳᠬᠡᠨ | ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳ᠋ᠦ᠋ ᠬᠤᠢ ᠯᠢᠶᠠᠩ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ | ᠰᠤᠷᠭᠠᠭᠤᠯᠢ ᠶᠢᠨ ᠳᠡᠰ ᠳᠡᠪᠰᠢᠬᠦ ᠶᠢ ᠯᠠᠪᠳᠠᠭᠤᠨ ᠪᠠᠲᠤᠲᠠᠢ ᠬᠦᠴᠦᠲᠡᠢ ᠠᠬᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠪᠠ ᠡᠭᠦᠷᠭᠡ ᠶᠢ | ᠲᠣᠭᠲᠠᠭᠠᠵᠤ᠂ ᠠᠯᠤᠰ ᠬᠡᠳᠦ ᠳᠤ ᠰᠠᠭᠤᠷᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠢᠨᠵᠢᠯᠡᠭᠡᠨ ᠤ | ᠰᠠᠯᠠᠭ᠎ᠠ ᠶᠢᠨ ᠪᠦᠲᠦᠴᠡ ᠪᠠ ᠰᠢᠨᠵᠢᠯᠡᠭᠡᠨ ᠤ ᠰᠠᠯᠠᠭ᠎ᠠ ᠶᠢᠨ ᠱᠠᠲᠤᠯᠢᠭ ᠡᠩᠨᠡᠭᠡ ᠶᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠬᠢᠲᠠᠳ ᠡᠮ ᠡᠮᠨᠡᠯᠭᠡ ᠶᠢᠨ ᠡᠮ ᠤᠨ ᠤᠬᠠᠭᠠᠨ ᠵᠡᠷᠭᠡ ᠳᠠᠪᠠᠭᠤᠯᠢᠭ ᠣᠨᠴᠠᠯᠢᠭᠲᠤ | ᠰᠢᠨᠵᠢᠯᠡᠭᠡᠨ ᠤ ᠰᠠᠯᠠᠭ᠎ᠠ ᠶᠢ ᠨᠠᠷᠢᠯᠢᠭᠵᠢᠭᠤᠯᠤᠨ ᠬᠦᠴᠦᠷᠬᠡᠭᠵᠢᠭᠦᠯᠵᠦ᠂ ᠡᠮᠴᠢᠯᠡᠭᠡᠨ ᠤ ᠠᠨᠠᠭᠠᠬᠤ ᠤᠬᠠᠭᠠᠨ ᠵᠡᠷᠭᠡ | ᠰᠠᠭᠤᠷᠢ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢ ᠠᠬᠢᠭᠤᠯᠤᠨ᠂ ︽ᠰᠢᠨ᠎ᠡ ᠠᠨᠠᠭᠠᠬᠤ ᠤᠬᠠᠭᠠᠨ︾ ᠤ | ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠨ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ | ᠡᠷᠴᠢᠮ ᠢ ᠴᠢᠩᠭᠠᠷᠠᠭᠤᠯᠵᠤ᠂ ᠪᠦᠲᠦᠴᠡ ᠵᠦᠢ ᠵᠣᠬᠢᠰᠲᠠᠢ᠂ ᠪᠥᠲᠦᠮᠵᠢᠲᠡᠢ ᠦᠢᠯᠡᠳᠦᠯᠴᠡᠭᠰᠡᠨ ᠴᠢᠳᠠᠪᠤᠷᠢᠲᠠᠨ ᠤ ᠠᠮᠢ | ᠠᠬᠤᠢ ᠶᠢ ᠬᠦᠴᠦᠯᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠣᠳᠤᠯᠭᠠᠨ ᠤ ᠲᠠᠪᠴᠠᠩ ᠤᠨ | ᠪᠠᠶᠢᠭᠤᠯᠤᠯᠲᠠ ᠪᠠ ᠰᠢᠨᠵᠢᠯᠡᠬᠦ ᠤᠬᠠᠭᠠᠨ ᠤ ᠰᠣᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠵᠤ᠂ | ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ | ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠰᠤᠳᠤᠯᠬᠤ ᠪᠠ ᠰᠢᠨ᠎ᠡ ᠶᠢ ᠡᠭᠦᠳᠬᠦ ᠴᠢᠳᠠᠪᠤᠷᠢ ᠲᠠᠢ ᠳᠡᠭᠡᠳᠦ ᠳᠡᠰ ᠤᠨ | ᠴᠢᠳᠠᠪᠤᠷᠢᠲᠠᠨ ᠢ ᠬᠦᠴᠦᠯᠡᠨ ᠬᠥᠮᠥᠵᠢᠭᠦᠯᠬᠦ ᠬᠡᠷᠡᠭᠲᠡᠢ᠃ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠡᠳᠬᠢᠯ | ᠲᠠᠯᠪᠢᠵᠤ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ᠃ ᠰᠤᠷᠤᠭᠴᠢ ᠡᠯᠰᠡᠬᠦ ᠪᠠ ᠠᠵᠢᠯ ᠣᠯᠭᠤᠯᠲᠠ ᠶᠢ | ᠨᠢᠭᠡᠳᠦᠯᠲᠡᠢ ᠲᠥᠯᠥᠪᠯᠡᠨ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠲᠤᠰᠬᠠᠢ | ᠮᠡᠷᠭᠡᠵᠢᠯ ᠤᠨ ᠲᠣᠬᠢᠷᠠᠭᠤᠯᠤᠯᠲᠠ ᠪᠣᠯᠤᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠬᠠᠷᠢᠯᠴᠠᠨ | ᠵᠣᠯᠭᠠᠭᠤᠯᠬᠤ ᠶᠢ ᠦᠨᠡᠨ ᠬᠦ ᠪᠠᠲᠤᠯᠠᠨ᠂ ᠰᠤᠷᠤᠭᠴᠢ ᠡᠯᠰᠡᠬᠦ ᠬᠡᠪᠴᠢᠶ᠎ᠡ ᠪᠣᠯᠤᠨ ᠨᠡᠶᠢᠭᠡᠮ ᠤᠨ ᠬᠡᠷᠡᠭᠴᠡᠭᠡ | ᠱᠠᠭᠠᠷᠳᠠᠯᠭ᠎ᠠ ᠶᠢ ᠬᠠᠷᠢᠯᠴᠠᠨ ᠵᠣᠬᠢᠴᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ | ᠣᠯᠭᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠵᠢᠯ | ᠣᠯᠭᠤᠯᠲᠠ ᠶᠢᠨ ᠠᠷᠭ᠎ᠠ ᠵᠠᠮ ᠢ ᠥᠳᠲᠡᠷ ᠲᠦᠷᠭᠡᠨ ᠥᠷᠭᠡᠳᠬᠡᠵᠦ᠂ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ ᠭᠦᠨᠵᠡᠭᠡᠢ ᠢᠯᠡᠷᠡᠭᠦᠯᠦᠨ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠠᠵᠢᠯ ᠣᠯᠭᠤᠯᠲᠠ ᠶᠢᠨ ᠬᠥᠮᠦᠵᠢᠯ ᠵᠢᠯᠣᠭᠤᠳᠣᠯᠭ᠎ᠠ ᠶᠢ ᠴᠢᠩᠭᠠᠳᠬᠠᠨ᠂ ᠲᠡᠭᠦᠰᠦᠭᠰᠡᠳ ᠢ | ᠬᠠᠪᠰᠤᠷᠤᠨ ᠲᠡᠭᠦᠰᠬᠦ ᠴᠢᠭᠯᠡᠯ ᠢ ᠡᠷᠲᠡᠬᠡᠨ ᠨᠠᠶᠢᠳᠠᠪᠤᠷᠢᠵᠢᠭᠤᠯᠵᠤ᠂ ᠭᠦᠢᠴᠡᠳ ᠠᠵᠢᠯ ᠣᠯᠭᠤᠯᠲᠠ᠂ ᠴᠢᠨᠠᠷᠯᠢᠭ | ᠠᠵᠢᠯ ᠣᠯᠭᠤᠯᠲᠠ ᠶᠢ ᠪᠡᠶᠡᠯᠡᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ | ᠨᠢᠭᠡᠳᠬᠡᠵᠦ᠂ ︽ᠬᠤᠶᠠᠷ ᠢ ᠳᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ | ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠴᠢᠨᠠᠷ ᠴᠢᠨᠰᠠᠭ᠎ᠠ ᠲᠠᠢ᠂ ᠪᠠᠶᠢᠴᠠᠭᠠᠯᠲᠠ ᠡᠷᠴᠢᠮ ᠲᠠᠢ᠂ | ᠥᠭᠡᠷᠡᠴᠢᠯᠡᠯᠲᠡ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠪᠠᠭᠰᠢ ᠰᠤᠷᠤᠭᠴᠢᠳ ᠲᠤ | ᠦᠢᠯᠡᠴᠢᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠨᠢᠭᠡ ᠥᠷᠲᠡᠭᠡ ᠮᠠᠶ᠋ᠢᠭ︾ ᠤᠨ | ᠰᠤᠷᠤᠭᠴᠢᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠂ | ᠰᠤᠷᠭᠠᠭᠤᠯᠢ ᠶᠢᠨ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠠᠵᠢᠯ ᠤᠨ | ᠲᠣᠭᠲᠠᠴᠠ ᠶᠢ ᠰᠠᠶᠢᠲᠤᠷ ᠬᠡᠷᠡᠭᠯᠡᠵᠦ᠂ ᠰᠤᠷᠤᠭᠴᠢᠳ ᠤᠨ ᠰᠤᠷᠤᠯᠭ᠎ᠠ᠂ ᠠᠵᠢᠯ᠂ ᠠᠮᠢᠳᠤᠷᠠᠯ ᠤᠨ ᠳᠤᠮᠳᠠ | ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ | ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠵᠢᠯ ᠤᠨ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠭᠠᠵᠠᠷ ᠲᠠᠰᠤᠭ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | |