ᠬᠠᠩᠰᠢ ᠶᠢᠨ ᠡᠳᠦᠷ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ | ᠦᠶ᠎ᠡ ᠶᠢᠨ ᠦᠶ᠎ᠡ ᠤᠯᠠᠮᠵᠢᠯᠠᠨ ᠵᠠᠯᠭᠠᠮᠵᠢᠯᠠᠵᠤ ᠵᠣᠷᠢᠭᠲᠠᠢ ᠬᠠᠷᠢᠭᠤᠴᠠᠯᠭ᠎ᠠ ᠡᠭᠦᠷᠭᠡᠯᠡᠨ᠎ᠡ᠂ ᠬᠠᠩᠰᠢ ᠶᠢᠨ ᠡᠳᠦᠷ | ᠬᠦᠷᠴᠦ ᠢᠷᠡᠬᠦ ᠲᠠᠰᠢᠷᠠᠮ ᠢᠶᠠᠷ᠂ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ | ᠬᠤᠪᠢᠰᠬᠠᠯᠲᠤ ᠤᠯᠠᠮᠵᠢᠯᠠᠯ ᠢ ᠵᠠᠯᠭᠠᠮᠵᠢᠯᠠᠨ ᠰᠤᠷᠲᠠᠯᠴᠢᠯᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠤᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠲᠡᠦᠬᠡ ᠶᠢ ᠪᠠᠲᠤ ᠴᠡᠭᠡᠵᠢᠯᠡᠭᠦᠯᠵᠦ᠂ | ᠭᠡᠷᠢᠶᠡᠰ ᠵᠣᠷᠢᠭ ᠢ ᠵᠠᠯᠭᠠᠮᠵᠢᠯᠠᠭᠤᠯᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠡᠪᠯᠡᠯ ᠤᠨ ᠬᠤᠷᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠲᠢᠩᠬᠢᠮ᠂ ᠪᠠᠭᠠᠴᠤᠳ ᠤᠨ ᠠᠵᠢᠯ ᠤᠨ ᠬᠤᠷᠢᠶ᠎ᠠ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠪᠠᠭᠠᠴᠤᠳ ᠤᠨ ᠠᠵᠢᠯ ᠤᠨ ᠬᠤᠷᠢᠶ᠎ᠠ ᠠᠴᠠ ᠳᠠᠭᠠᠭᠠᠴᠢᠯᠠᠨ | ᠡᠷᠬᠢᠯᠡᠭᠰᠡᠨ ︽ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠬᠤᠪᠢᠰᠬᠠᠯ ᠤᠨ | ᠤᠳᠤᠮᠰᠢᠯ ᠢ ᠤᠯᠠᠮᠵᠢᠯᠠᠨ ᠵᠠᠯᠭᠠᠮᠵᠢᠯᠠᠰᠤᠭᠠᠢ︾ ᠭᠡᠬᠦ 2025 ᠣᠨ ᠤ ᠥᠪᠥᠷ ᠮᠣᠩᠭᠤᠯ ᠤᠨ ᠵᠠᠯᠠᠭᠤᠴᠤᠳ | ᠪᠠᠭᠠᠴᠤᠳ ᠤᠨ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠭᠤᠣᠯ ᠰᠡᠳᠦᠪᠲᠦ | ᠠᠵᠢᠯᠯᠠᠭ᠎ᠠ ᠶᠢ ᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ | ᠶᠠᠪᠤᠭᠳᠠᠭᠤᠯᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠶᠠᠳᠤᠭᠠᠷ | ᠳᠡᠰ ᠤᠨ ᠲᠣᠭᠤᠷᠢᠨ ᠪᠠᠶᠢᠴᠠᠭᠠᠭᠴᠢ ᠸᠠᠩ ᠶᠢᠩ ᠵᠦᠩ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ | ᠱᠦᠵᠢ᠂ ᠪᠠᠭᠠᠴᠤᠳ ᠤᠨ ᠠᠵᠢᠯ ᠤᠨ ᠬᠤᠷᠢᠶᠠᠨ ᠤ ᠡᠷᠬᠢᠯᠡᠭᠴᠢ ᠴᠢᠶᠣᠤ ᠯᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ | ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ | ᠤᠨ ᠶᠠᠪᠤᠳᠠᠯ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠬᠣ᠋ ᠰᠢᠦᠸᠡᠢ ᠵᠢᠶᠠᠨ᠂ | ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠳᠡᠳ᠋ ᠱᠦᠵᠢ᠂ ᠪᠠᠭᠠᠴᠤᠳ ᠤᠨ ᠠᠵᠢᠯ ᠤᠨ ᠬᠤᠷᠢᠶᠠᠨ ᠤ | ᠪᠠᠶᠢᠩᠭᠤ ᠶᠢᠨ ᠳᠡᠳ᠋ ᠡᠷᠬᠢᠯᠡᠭᠴᠢ ᠺᠤᠸᠠᠩ ᠰᠢᠶᠣᠤ ᠯᠧᠢ᠂ ᠨᠠᠮ ᠵᠠᠰᠠᠭ ᠤᠨ ᠪᠠᠶᠢᠭᠤᠯᠤᠯᠭ᠎ᠠ ᠶᠢᠨ ᠺᠠᠳ᠋ᠷ᠂ ᠴᠢᠯᠥᠭᠡᠯᠡᠬᠦ | ᠴᠡᠷᠢᠭ᠂ ᠠᠷᠠᠳ ᠤᠨ ᠴᠠᠭᠳᠠᠭ᠎ᠠ᠂ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ | ᠨᠡᠶᠢᠭᠡᠮ ᠤᠨ ᠡᠯ᠎ᠡ ᠡᠲᠡᠭᠡᠳ ᠵᠢᠴᠢ ᠬᠤᠲᠠ ᠶᠢᠨ ᠣᠯᠠᠨ ᠲᠥᠮᠡᠨ ᠤ ᠲᠥᠯᠥᠭᠡᠯᠡᠭᠴᠢ 1000 ᠭᠠᠷᠤᠢ ᠬᠥᠮᠦᠨ | ᠠᠵᠢᠯᠯᠠᠭ᠎ᠠ ᠳᠤ ᠣᠷᠣᠯᠴᠠᠪᠠ᠃ | | | | | | | | | | | | | | | | | | | | | ᠶᠣᠰᠣᠯᠠᠯ ᠳᠠᠭᠤᠰᠤᠭᠰᠠᠨ ᠤ ᠳᠠᠷᠠᠭ᠎ᠠ᠂ ᠰᠠᠶᠢᠬᠠᠨ ᠲᠣᠭᠤᠷᠢᠭ ᠤᠨ ᠰᠢᠦᠸᠡᠢ ᠶᠤᠸᠠᠨ ᠪᠠᠭ᠎ᠠ ᠰᠤᠷᠭᠠᠭᠤᠯᠢ | ᠪᠣᠯᠤᠨ ᠰᠢᠨ᠎ᠡ ᠬᠤᠲᠠ ᠲᠣᠭᠤᠷᠢᠭ ᠤᠨ ᠱᠠᠨ ᠱᠦᠢ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠭᠡᠬᠦᠳᠡᠭ | ᠳᠦᠭᠦᠷᠡᠩ ᠪᠢᠰᠢᠷᠡᠨ ᠬᠦᠨᠳᠦᠳᠬᠡᠬᠦ ᠰᠡᠳᠬᠢᠯᠭᠡ ᠪᠠᠷ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠲᠡᠦᠬᠡ ᠶᠢᠨ | ᠦᠵᠡᠰᠬᠦᠯᠡᠩ ᠤᠨ ᠣᠷᠳᠣᠨ ᠳᠤ ᠬᠦᠷᠴᠦ᠂ ᠨᠢᠭᠡᠨ ᠤᠳᠠᠭᠠᠨ ᠤ ᠥᠪᠡᠷᠮᠢᠴᠡ ᠣᠨᠴᠠᠯᠢᠭ ᠲᠠᠢ ᠶᠠᠪᠤᠵᠤ ᠰᠤᠷᠤᠯᠴᠠᠵᠤ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠠᠮᠲᠤ ᠳᠤ ᠪᠠᠨ ᠣᠷᠣᠪᠠ᠃ ᠪᠠᠭᠰᠢ ᠰᠤᠷᠤᠭᠴᠢᠳ ᠳᠠᠯᠠᠨ ᠬᠠᠷ᠎ᠠ | ᠠᠭᠤᠯᠠ ᠶᠢᠨ ᠬᠤᠪᠢᠰᠬᠠᠯ ᠤᠨ ᠲᠡᠦᠬᠡ ᠶᠢᠨ ᠦᠵᠡᠰᠬᠦᠯᠡᠩ ᠤᠨ ᠭᠠᠵᠠᠷ ᠬᠦᠷᠴᠦ᠂ ᠬᠤᠪᠣᠷ ᠨᠠᠨᠳᠢᠨ ᠲᠡᠦᠬᠡ ᠶᠢᠨ | ᠳᠤᠷᠠᠰᠬᠠᠯᠲᠤ ᠵᠦᠢᠯ᠂ ᠭᠡᠷᠡᠯ ᠵᠢᠷᠤᠭ ᠤᠨ ᠮᠠᠲ᠋ᠧᠷᠢᠶᠠᠯ ᠪᠣᠯᠤᠨ ᠤᠭ ᠶᠣᠰᠤᠭᠠᠷ ᠰᠡᠷᠭᠦᠭᠡᠭᠰᠡᠨ ᠠᠬᠤᠢ ᠪᠠᠶᠢᠳᠠᠯ ᠢ | ᠦᠵᠡᠬᠦ ᠪᠠᠷ ᠳᠠᠮᠵᠢᠭᠤᠯᠤᠨ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠳᠠᠶᠢᠨ ᠤ ᠰᠠᠭᠤᠷᠢᠨ | ᠭᠠᠵᠠᠷ ᠢ ᠡᠭᠦᠳᠦᠨ ᠪᠠᠶᠢᠭᠤᠯᠤᠭᠰᠠᠨ ᠪᠠ ᠬᠥᠭᠵᠢᠭᠦᠯᠦᠭᠰᠡᠨ ᠲᠤᠬᠠᠢ ᠣᠶᠢᠯᠠᠭᠠᠵᠤ᠂ ᠬᠤᠪᠢᠰᠬᠠᠯᠲᠤ ᠦᠷᠡᠭᠳᠡᠭᠰᠡᠨ | ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠵᠢᠴᠢ ᠦᠨᠳᠦᠰᠦᠲᠡᠨ ᠨᠦᠭᠦᠳ ᠪᠥᠯᠬᠦᠮᠳᠡᠨ ᠶᠠᠫᠣᠨ ᠢ | ᠡᠰᠡᠷᠭᠦᠴᠡᠭᠰᠡᠨ ᠰᠡᠳᠬᠢᠯ ᠬᠥᠳᠡᠯᠭᠡᠮ᠎ᠡ ᠦᠯᠢᠭᠡᠷ ᠢ ᠰᠣᠨᠣᠰᠴᠤ᠂ ᠥᠪᠥᠷ ᠮᠣᠩᠭᠤᠯ ᠤᠨ ᠬᠤᠪᠢᠰᠬᠠᠯ ᠤᠨ | ᠲᠡᠦᠬᠡᠨ ᠳᠤ ᠪᠠᠭᠠᠲᠤᠷᠴᠤᠳ ᠤᠨ ᠦᠵᠡᠭᠦᠯᠦᠭᠰᠡᠨ ᠠᠭᠤᠤ ᠶᠡᠭᠡ ᠲᠡᠮᠡᠴᠡᠯ ᠤᠨ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠪᠠ᠃ | | | | | | ᠳᠠᠷᠠᠭ᠎ᠠ ᠨᠢ᠂ ᠰᠠᠶᠢᠬᠠᠨ ᠲᠣᠭᠤᠷᠢᠭ ᠤᠨ ᠰᠢᠦᠸᠡᠢ ᠶᠤᠸᠠᠨ ᠪᠠᠭ᠎ᠠ ᠰᠤᠷᠭᠠᠭᠤᠯᠢ ᠶᠢᠨ ᠶᠢᠨ ᠯᠢ ᠴᠢᠶᠠᠨ | ᠪᠠᠭᠰᠢ AI ᠮᠡᠷᠭᠡᠵᠢᠯ ᠢ ᠬᠡᠷᠡᠭᠯᠡᠵᠦ᠂ ᠬᠡᠦᠬᠡᠳ ᠤᠳ ᠲᠤ ᠬᠤᠪᠢᠰᠬᠠᠯᠲᠤ ᠦᠷᠡᠭᠳᠡᠭᠰᠡᠨ ᠪᠠᠭᠠᠲᠤᠷ ᠳ᠋ᠦᠸᠧ ᠰᠦᠩ | ᠨᠢᠶᠠᠨ ᠲᠠᠢ ᠣᠷᠣᠨ ᠵᠠᠢ ᠠᠯᠤᠰᠯᠠᠨ ᠶᠠᠷᠢᠯᠴᠠᠬᠤ ᠬᠥᠭᠦᠷᠭᠡ ᠪᠠᠶᠢᠭᠤᠯᠵᠤ ᠥᠭᠪᠡ᠃ ᠳᠡᠭᠡᠳᠦ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠦᠢᠯᠡᠳᠦᠭᠰᠡᠨ ᠰᠣᠭᠲᠤᠭᠤᠷᠠᠮ᠎ᠠ ᠮᠠᠶ᠋ᠢᠭ ᠤᠨ ᠠᠬᠤᠢ ᠲᠠᠯᠠᠪᠠᠢ ᠳᠤ᠂ ᠦᠷᠡᠭᠳᠡᠭᠰᠡᠨ | ᠪᠠᠭᠠᠲᠤᠷ ᠳ᠋ᠦᠸᠧ ᠰᠦᠩ ᠨᠢᠶᠠᠨ ᠴᠠᠭ ᠬᠤᠭᠤᠴᠠᠭ᠎ᠠ ᠣᠷᠣᠨ ᠵᠠᠢ ᠶᠢ ᠲᠤᠭᠤᠯᠤᠭᠠᠳ ᠢᠷᠡᠭᠰᠡᠨ ᠮᠡᠲᠦ᠂ ᠬᠡᠦᠬᠡᠳ | ᠤᠳ ᠲᠤ ᠥᠪᠡᠷ ᠤᠨ ᠬᠤᠪᠢᠰᠬᠠᠯ ᠳᠤ ᠣᠷᠣᠯᠴᠠᠭᠰᠠᠨ ᠤᠭ ᠰᠠᠨᠠᠭ᠎ᠠ᠂ ᠬᠦᠴᠢᠷ ᠪᠡᠷᠬᠡᠰᠢᠶᠡᠯᠲᠦ ᠣᠷᠴᠢᠨ | ᠲᠣᠭᠤᠷᠢᠨ ᠳᠤ ᠲᠡᠮᠡᠴᠡᠯ ᠬᠢᠭᠰᠡᠨ ᠥᠩᠭᠡᠷᠡᠯᠲᠡ ᠵᠢᠴᠢ ᠬᠦᠰᠡᠯᠡᠩ ᠢᠲᠡᠭᠡᠯ ᠪᠢᠰᠢᠷᠡᠯ ᠤᠨ ᠲᠥᠯᠥᠭᠡ ᠦᠷᠡᠭᠳᠡᠬᠦ ᠠᠴᠠ | ᠠᠶᠤᠬᠤ ᠦᠭᠡᠢ ᠵᠣᠷᠢᠭ ᠢᠶᠠᠨ ᠠᠮᠢᠳᠤᠯᠢᠭ ᠢᠶᠠᠷ ᠶᠠᠷᠢᠪᠠ᠃ ᠬᠠᠷᠢᠯᠴᠠᠨ ᠦᠢᠯᠡᠳᠦᠯᠴᠡᠬᠦ ᠶᠠᠪᠤᠴᠠ ᠳᠤ᠂ ᠬᠡᠦᠬᠡᠳ ᠤᠳ | ᠦᠷᠡᠭᠳᠡᠭᠰᠡᠨ ᠪᠠᠭᠠᠲᠤᠷᠴᠤᠳ ᠤᠨ ᠦᠷᠡᠭᠳᠡᠬᠦ ᠠᠴᠠ ᠠᠶᠤᠬᠤ ᠦᠭᠡᠢ᠂ ᠡᠷᠡᠯᠬᠡᠭᠯᠡᠨ ᠤᠷᠤᠭᠰᠢᠯᠠᠬᠤ ᠬᠤᠪᠢᠰᠬᠠᠯ ᠤᠨ | ᠴᠤᠭ ᠰᠦᠯᠳᠡ ᠶᠢ ᠦᠨᠡᠨ ᠬᠦ ᠮᠡᠳᠡᠷᠡᠵᠦ᠂ ᠤᠮᠠᠷᠠᠲᠤ ᠬᠢᠯᠢ ᠶᠢᠨ ᠰᠣᠶᠣᠯ ᠳᠠᠬᠢ ᠡᠬᠡ ᠣᠷᠣᠨᠴᠢ᠂ ᠦᠨᠡᠨᠴᠢ | ᠰᠢᠳᠤᠷᠭᠤ᠂ ᠨᠥᠬᠦᠷᠯᠡᠯ ᠪᠦᠯᠬᠦᠮᠳᠡᠯ ᠪᠠ ᠬᠠᠷᠢᠭᠤᠴᠠᠯᠭ᠎ᠠ ᠡᠭᠦᠷᠭᠡᠯᠡᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ | ᠭᠦᠨᠵᠡᠭᠡᠢ ᠣᠶᠢᠯᠠᠭᠠᠪᠠ᠃ | | | | | | | | ᠡᠨᠡ ᠤᠳᠠᠭᠠᠨ ᠤ ︽ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ | ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠰᠤᠭᠠᠢ︾ ᠭᠡᠬᠦ 2025 ᠣᠨ ᠤ ᠥᠪᠥᠷ ᠮᠣᠩᠭᠤᠯ ᠤᠨ | ᠵᠠᠯᠠᠭᠤᠴᠤᠳ ᠪᠠᠭᠠᠴᠤᠳ ᠤᠨ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ ᠭᠤᠣᠯ ᠰᠡᠳᠦᠪᠲᠦ | ᠠᠵᠢᠯᠯᠠᠭ᠎ᠠ ᠨᠢ ᠲᠥᠪ ᠶᠡᠬᠡᠮᠰᠦᠭ ᠶᠣᠰᠣᠯᠠᠯ ᠪᠠ ᠰᠡᠳᠬᠢᠯ ᠳᠣᠭᠳᠣᠯᠤᠭᠤᠯᠤᠮ᠎ᠠ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠢᠶᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠢ ᠦᠷᠡᠭᠳᠡᠭᠰᠡᠨ ᠪᠠᠭᠠᠲᠤᠷᠴᠤᠳ ᠢᠶᠠᠨ | ᠳᠤᠷᠠᠰᠤᠨ ᠰᠠᠨᠠᠭᠠᠯᠵᠠᠬᠤ ᠠᠴᠠ ᠣᠶᠤᠨ ᠰᠠᠨᠠᠭ᠎ᠠ ᠡᠷᠴᠢ ᠵᠣᠷᠢᠭ ᠢᠶᠠᠨ ᠬᠥᠪᠴᠢᠯᠡᠵᠦ᠂ ᠬᠤᠪᠢᠰᠬᠠᠯᠲᠤ ᠤᠳᠤᠮᠰᠢᠯ ᠢ | ᠤᠯᠠᠮᠵᠢᠯᠠᠨ ᠵᠠᠯᠭᠠᠮᠵᠢᠯᠠᠬᠤ ᠠᠴᠠ ᠡᠬᠡ ᠣᠷᠣᠨᠴᠢ ᠰᠡᠳᠬᠢᠯᠭᠡ ᠪᠠᠨ ᠵᠤᠵᠠᠭᠠᠳᠬᠠᠨ᠂ ᠪᠣᠳᠠᠲᠤ ᠠᠵᠢᠯᠯᠠᠭ᠎ᠠ ᠪᠠᠷ | ᠬᠤᠪᠢᠰᠬᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠰᠢᠯᠢᠳᠡᠭ ᠵᠠᠯᠭᠠᠮᠵᠢᠯᠠᠭᠴᠢ | ᠪᠣᠯᠬᠤ ᠪᠠᠷ ᠴᠢᠷᠮᠠᠶᠢᠭᠠᠷᠠᠢ ᠭᠡᠵᠦ ᠵᠣᠷᠢᠭᠵᠢᠭᠤᠯᠪᠠ᠃ | |