ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2025﹈ 10 ᠳ᠋ᠤᠭᠠᠷ ᠲᠣᠭᠠᠲᠤ | | | ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ ᠬᠢᠬᠡᠳ ᠰᠡᠷᠭᠡᠶᠢᠯᠡᠨ | ᠵᠠᠰᠠᠬᠤ ᠲᠥᠯᠥᠪᠵᠢᠭᠦᠯᠭᠡ ︵2025 — 2030 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ | ᠬᠢᠬᠡᠳ ᠰᠡᠷᠭᠡᠶᠢᠯᠡᠨ ᠵᠠᠰᠠᠬᠤ ᠲᠥᠯᠥᠪᠵᠢᠭᠦᠯᠭᠡ ︵2025 — 2030 ᠣᠨ︶︾ ᠶᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2025 ᠣᠨ ᠤ 2 ᠳ᠋ᠤᠭᠠᠷ ᠰᠠᠷ᠎ᠠ ᠶᠢᠨ 20 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ | ᠬᠢᠬᠡᠳ ᠰᠡᠷᠭᠡᠶᠢᠯᠡᠨ ᠵᠠᠰᠠᠬᠤ ᠲᠥᠯᠥᠪᠵᠢᠭᠦᠯᠭᠡ ︵2025 — 2030 ᠣᠨ︶ | | ᠠᠶᠢᠽ ᠡᠪᠡᠳᠴᠢᠨ ᠪᠣᠯ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠲᠤ ᠬᠦᠨᠳᠦ ᠨᠣᠴᠢᠲᠠᠶ | ᠬᠤᠣᠷ ᠬᠥᠨᠥᠭᠡᠯ ᠤᠴᠠᠷᠠᠭᠤᠯᠬᠤ ᠬᠦᠨᠳᠦ ᠶᠡᠭᠡ ᠬᠠᠯᠳᠠᠪᠤᠷᠢᠲᠤ ᠡᠪᠡᠳᠴᠢᠨ ᠮᠥᠨ᠃ ︽︿ᠳᠤᠮᠳᠠᠳᠤ ᠤᠯᠤᠰ ᠤᠨ | ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ ᠪᠠ ᠰᠡᠷᠭᠡᠶᠢᠯᠡᠨ ᠵᠠᠰᠠᠬᠤ ᠲᠥᠯᠥᠪᠵᠢᠭᠦᠯᠭᠡ ︵2024 — | 2030 ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2024︺ 51 ᠳ᠋ᠦ᠋ᠭᠡᠷ ᠲᠣᠭᠠᠲᠤ︶ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠠᠶᠢᠽ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠣᠯᠠᠨ ᠤ ᠪᠡᠶ᠎ᠡ | ᠮᠠᠬᠠᠪᠣᠳ ᠤᠨ ᠡᠷᠡᠭᠦᠯ ᠴᠢᠬᠢᠷᠠᠭ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ᠃ | ᠨᠢᠭᠡ᠂ ᠰᠡᠷᠭᠡᠶᠢᠯᠡᠨ ᠵᠠᠰᠠᠬᠤ ᠬᠠᠷᠠᠯᠲᠠ | ᠴᠢᠰᠤ ᠶᠡᠭᠦᠯᠡᠵᠦ ᠬᠠᠯᠳᠠᠪᠤᠷᠢᠯᠠᠬᠤ ᠶᠢ ᠵᠣᠭᠰᠤᠭᠠᠭᠰᠠᠨ ᠪᠠ ᠬᠤᠤᠷᠲᠤ ᠡᠳ᠋ ᠲᠠᠷᠢᠵᠦ ᠬᠠᠯᠳᠠᠪᠤᠷᠢᠯᠠᠬᠤ ᠶᠢ | ᠬᠤᠷᠢᠭᠯᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠠᠷᠢᠯᠭᠠᠨ᠂ | ᠪᠡᠯᠭᠡ ᠶᠢᠨ ᠬᠠᠯᠳᠠᠪᠤᠷᠢᠯᠠᠭ᠎ᠠ ᠶᠢᠨ ᠨᠡᠮᠡᠭᠳᠡᠬᠦ ᠬᠠᠨᠳᠤᠰᠢ ᠶᠢ ᠤᠯᠠᠮ ᠨᠢᠭᠡ ᠠᠯᠬᠤᠮ ᠬᠤᠷᠢᠨᠨᠯᠠᠨ ᠵᠤᠨᠨᠰᠤᠭᠠᠵᠦ᠂ | ᠠᠶᠢᠽ ᠡᠪᠡᠳᠴᠢᠨ ᠤ ᠰᠢᠨ᠎ᠡ ᠪᠠᠷ ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠶᠢ ᠲᠣᠷᠣᠨᠨᠰᠢᠯᠠᠭᠤᠯᠤᠨ᠂ ᠬᠠᠮᠢᠶᠠᠳᠠᠬᠤ | ᠦᠬᠦᠵᠦ ᠠᠳᠡᠬᠦ ᠪᠠᠶᠢᠳᠠᠯ ᠢ ᠪᠠᠭᠠᠰᠬᠠᠵᠤ᠂ ᠪᠦᠬᠦ᠋ᠢᠯᠡ ᠬᠢᠵᠢᠭ ᠤᠨ ᠪᠠᠶᠢᠳᠠᠯ ᠢ ᠦᠷᠭᠦᠯᠵᠢᠯᠡᠨ ᠳᠣᠣᠷ᠎ᠠ ᠵᠠᠬ᠎ᠠ ᠶᠢᠨ | ᠦᠷᠪᠢᠰᠦᠨ ᠳᠡᠯᠭᠡᠷᠡᠬᠦ ᠬᠡᠮᠵᠢᠶᠡᠨ ᠳᠤ ᠬᠢᠵᠠᠭᠠᠷᠯᠠᠨ᠎ᠠ᠃ ᠪᠣᠳᠠᠲᠠᠶ ᠠᠵᠢᠯ ᠤᠨ ᠭᠦᠢᠴᠡᠳᠬᠡᠯ ᠲᠤᠭ᠎ᠠ ᠨᠢ ᠳᠣᠤᠷᠠᠬᠢ | ᠮᠡᠲᠦ᠄ | ︵ᠨᠢᠭᠡ︶ ᠨᠡᠶᠢᠭᠡᠮ ᠳᠠᠶᠠᠭᠠᠷ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃ 2025 | ᠣᠨ ᠳᠤ᠂ ᠰᠠᠭᠤᠭᠠᠯᠢ ᠠᠷᠠᠳ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠶᠢᠯᠠᠭᠠᠨ ᠮᠡᠳᠡᠬᠦ | ᠨᠤᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠭᠤᠣᠯᠳᠠᠯᠭ᠎ᠠ ᠲᠠᠢ ᠬᠥᠮᠦᠰ ᠵᠢᠴᠢ ᠠᠶᠢᠽ ᠡᠪᠡᠳᠴᠢᠨ ᠳᠤ | ᠠᠮᠠᠷᠬᠠᠨ ᠬᠠᠯᠳᠠᠪᠤᠷᠢᠯᠠᠭᠳᠠᠬᠤ ᠠᠶᠤᠯᠲᠠᠢ ᠦᠢᠯᠡ ᠠᠵᠢᠯᠯᠠᠭ᠎ᠠ ᠲᠠᠢ ᠬᠥᠮᠦᠰ ᠤᠨ ᠰᠡᠷᠭᠡᠶᠢᠯᠡᠨ ᠵᠠᠰᠠᠬᠤ ᠮᠡᠳᠡᠯᠭᠡ ᠶᠢᠨ | ᠤᠶᠢᠯᠠᠭᠠᠨ ᠮᠡᠳᠡᠬᠦ ᠨᠤᠷᠮ᠎ᠠ ᠶᠢ 95% ᠠᠴᠠ ᠳᠡᠭᠡᠭᠰᠢ ᠳᠤ ᠭᠦᠷᠦᠬᠦᠯᠦᠨ᠂ ᠬᠠᠯᠳᠠᠪᠤᠷᠢᠯᠠᠭᠰᠠᠳ ᠤᠨ ᠡᠷᠬᠡ | ᠡᠭᠦᠷᠭᠡ ᠶᠢᠨ ᠤᠶᠢᠯᠠᠭᠠᠨ ᠮᠡᠳᠡᠬᠦ ᠨᠤᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ 2030 ᠣᠨ ᠪᠤᠯᠲᠠᠯ᠎ᠠ | ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ | ︵ᠬᠤᠶᠠᠷ︶ ᠠᠶᠤᠯᠲᠠᠶ ᠦᠢᠯᠡ ᠠᠵᠢᠯᠯᠠᠭ᠎ᠠ ᠶᠢ ᠬᠤᠪᠢᠷᠠᠭᠤᠯᠬᠤ ᠶᠢ ᠠᠬᠢᠭᠤᠯᠤᠨ᠎ᠠ᠃ 2025 ᠣᠨ ᠪᠠ | 2030 ᠣᠨ ᠳᠤ᠂ ᠡᠷᠡᠭᠲᠡᠶ ᠶᠢᠨ ᠢᠵᠢᠯ ᠭᠦᠢᠰᠦᠳᠡᠨ ᠤ ᠬᠤᠭᠤᠷᠤᠨᠳᠤᠬᠢ ᠬᠤᠷᠢᠴᠠᠯ ᠤᠨ ᠠᠵᠢᠯᠯᠠᠭ᠎ᠠ ᠲᠠᠢ | ᠭᠦᠮᠦᠰ ᠤᠨ ᠠᠶᠢᠽ ᠡᠪᠡᠳᠴᠢᠨ ᠲᠠᠢ ᠬᠠᠮᠢᠶᠠᠳᠠᠬᠤ ᠠᠶᠤᠯᠲᠠᠶ ᠦᠢᠯᠡ ᠠᠵᠢᠯᠯᠠᠭ᠎ᠠ ᠶᠢ ᠴᠥᠮ ᠡᠮᠦᠨᠡᠬᠢ 5 | ᠵᠢᠯ ᠤᠨ ᠬᠢ ᠠᠴᠠ 10% ᠠᠴᠠ ᠳᠡᠭᠡᠭᠰᠢ ᠪᠠᠭᠠᠰᠬᠠᠨ᠎ᠠ︔ 2025 ᠣᠨ ᠳᠤ᠂ ᠠᠶᠢᠽ ᠡᠪᠡᠳᠴᠢᠨ ᠳᠤ ᠠᠮᠠᠷᠬᠠᠨ | ᠬᠠᠯᠳᠠᠪᠤᠷᠢᠯᠠᠭᠳᠠᠬᠤ ᠠᠶᠤᠯᠲᠠᠶ ᠦᠢᠯᠡ ᠠᠵᠢᠯᠯᠠᠭ᠎ᠠ ᠲᠠᠢ ᠬᠥᠮᠦᠰ ᠲᠤ ᠠᠪᠤᠨᠨᠰᠠᠨ ᠶᠡᠷᠦᠩᠬᠡᠶᠢᠯᠡᠨ ᠬᠠᠮᠢᠶᠠᠷᠴᠤ | ᠵᠠᠬᠢᠷᠬᠤ ᠠᠷᠭ᠎ᠠ ᠬᠡᠮᠵᠢᠶ᠎ᠡ ᠶᠢᠨ ᠬᠠᠮᠤᠷᠬᠤ ᠬᠠᠷᠢᠴᠠᠯ ᠢ 95% ᠠᠴᠠ ᠳᠡᠭᠡᠭᠰᠢ ᠳᠤ ᠬᠦᠷᠦᠭᠦᠯᠵᠦ᠂ ᠬᠤᠤᠷ | ᠡᠳ᠋ᠯᠡᠬᠦ ᠶᠢ ᠵᠣᠭᠰᠣᠭᠠᠬᠤ ᠡᠮ ᠢᠶᠠᠷ ᠦᠷᠭᠦᠯᠵᠢᠯᠡᠨ ᠡᠮᠨᠡᠬᠦ ᠵᠠᠰᠠᠯᠲᠠ ᠳᠤ ᠣᠷᠣᠯᠴᠠᠭᠰᠠᠳ ᠤᠨ ᠵᠢᠯ ᠤᠨ ᠰᠢᠨ᠎ᠡ ᠪᠠᠷ | ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠶᠢᠨ ᠨᠣᠷᠮ᠎ᠠ ᠶᠢ 0.1% ᠠᠴᠠ ᠳᠣᠷᠣᠭᠰᠢ ᠪᠠᠶᠢᠯᠭᠠᠵᠤ᠂ 2030 ᠣᠨ | ᠪᠤᠯᠲᠠᠯ᠎ᠠ ᠦᠷᠭᠦᠯᠵᠢᠯᠡᠨ ᠪᠠᠲᠤᠯᠠᠨ᠎ᠠ᠃ | ︵ᠭᠤᠷᠪᠠ︶ ᠬᠡᠷ ᠪᠦᠯᠢ ᠶᠢᠨ ᠳᠣᠲᠣᠭᠠᠳᠤ ᠳᠤ ᠬᠠᠯᠳᠠᠪᠤᠷᠢᠯᠠᠬᠤ ᠶᠢ ᠤᠷᠢᠳᠴᠢᠯᠠᠨ ᠰᠡᠷᠭᠡᠶᠢᠯᠡᠨ᠎ᠡ᠃ | 2025 ᠣᠨ ᠳᠤ᠂ ᠠᠶᠢᠽ ᠡᠪᠡᠳᠴᠢᠨ ᠤ ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢᠨ ᠨᠣᠷᠮ᠎ᠠ ᠶᠢ 2% ᠠᠴᠠ | ᠳᠣᠷᠣᠭᠰᠢ ᠪᠠᠶᠢᠯᠭᠠᠵᠤ᠂ ᠡᠷ᠎ᠡ ᠡᠮ᠎ᠡ ᠬᠤᠶᠠᠭᠤᠯᠠ ᠶᠢᠨ ᠨᠢᠭᠡ ᠨᠢ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠨ | ᠬᠡᠷ ᠪᠦᠯᠢ ᠶᠢᠨ ᠬᠢᠨ ᠤ ᠬᠠᠨᠢ ᠨᠦᠭᠦᠷ ᠲᠤ ᠪᠠᠨ ᠬᠠᠯᠳᠠᠪᠤᠷᠢᠯᠠᠬᠤ ᠨᠣᠷᠮ᠎ᠠ ᠶᠢ 0.3% ᠠᠴᠠ ᠳᠣᠷᠣᠭᠰᠢ | ᠪᠠᠶᠢᠯᠭᠠᠵᠤ᠂ 2030 ᠣᠨ ᠪᠤᠯᠲᠠᠯ᠎ᠠ ᠦᠷᠭᠦᠯᠵᠢᠯᠡᠨ ᠪᠠᠲᠤᠯᠠᠨ᠎ᠠ᠃ | ︵ᠳᠥᠷᠪᠡ︶ ᠣᠨᠤᠰᠢᠯᠠᠵᠦ ᠡᠮᠨᠡᠨ ᠵᠠᠰᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠣᠨᠣᠰᠢᠯᠠᠯᠲᠠ ᠪᠠᠷ | ᠳᠡᠮᠵᠢᠨ ᠲᠣᠰ ᠪᠡᠶ᠎ᠡ ᠶᠢᠨ ᠢᠶᠠᠨ ᠬᠠᠯᠳᠠᠪᠤᠷᠢᠯᠬᠠᠰᠠᠨ ᠪᠠᠶᠢᠳᠠᠯ ᠢᠶᠠᠨ ᠣᠯᠵᠤ ᠮᠡᠳᠡᠭᠰᠡᠨ ᠤ ᠬᠠᠮᠲᠤ ᠣᠶᠢᠯᠠᠭᠠᠭᠰᠠᠨ | ᠬᠠᠯᠳᠠᠪᠤᠷᠢᠯᠠᠭᠰᠠᠳ ᠤᠨ ᠬᠠᠷᠢᠴᠠᠯ ᠢ 2025 ᠣᠨ ᠳᠤ 90% ᠠᠴᠠ ᠳᠡᠭᠡᠭᠰᠢ ᠳᠤ ᠬᠦᠷᠦᠭᠦᠯᠵᠦ᠂ 2030 | ᠣᠨ ᠳᠤ 95% ᠠᠴᠠ ᠳᠡᠭᠡᠭᠰᠢ ᠳᠤ ᠬᠦᠷᠦᠭᠦᠯᠦᠨ᠎ᠡ᠃ 2025 ᠣᠨ ᠳᠤ᠂ ᠣᠨᠣᠰᠢᠯᠠᠯᠲᠠ ᠪᠠᠷ ᠳᠠᠮᠵᠢᠵᠤ | ᠢᠯᠡᠷᠡᠬᠦᠯᠦᠭᠰᠡᠨ ᠬᠠᠯᠳᠠᠪᠤᠷᠢᠯᠠᠭᠰᠠᠳ ᠤᠨ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠬᠦ ᠬᠠᠷᠢᠴᠠᠯ᠂ | ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠭᠰᠡᠨ ᠬᠠᠯᠳᠠᠪᠤᠷᠢᠯᠠᠭᠰᠠᠳ ᠤᠨ ᠸᠢᠷᠦ᠋ᠰ ᠢ ᠡᠰᠡᠷᠭᠦᠴᠡᠬᠦ | ᠬᠠᠷᠢᠴᠠᠯ ᠢ ᠳᠤᠮᠳᠠᠴᠢ ᠪᠠᠷ 95% ᠠᠴᠠ ᠳᠡᠭᠡᠭᠰᠢ ᠳᠤ ᠬᠦᠷᠦᠭᠦᠯᠵᠦ᠂ 2030 ᠣᠨ ᠪᠤᠯᠲᠠᠯ᠎ᠠ ᠦᠷᠭᠦᠯᠵᠢᠯᠡᠨ | ᠪᠠᠬᠢᠵᠢᠭᠦᠯᠦᠨ ᠳᠡᠭᠡᠭᠰᠢᠯᠡᠭᠦᠯᠦᠨ᠎ᠡ᠃ | ︵ᠲᠠᠪᠤ︶ ᠬᠥᠮᠦᠰ ᠤᠨ ᠬᠤᠭᠤᠷᠣᠨᠳᠣᠬᠢ ᠬᠠᠯᠳᠠᠪᠤᠷᠢᠯᠠᠬᠤ ᠬᠢᠷᠢ ᠬᠡᠮᠵᠢᠶ᠎ᠡ ᠶᠢ ᠡᠵᠡᠮᠰᠢᠨ᠎ᠡ᠃ 2030 ᠣᠨ | ᠪᠣᠯᠬᠤ ᠳᠤ᠂ ᠪᠥᠬᠦ ᠬᠥᠮᠦᠰ ᠤᠨ ᠬᠤᠭᠤᠷᠣᠨᠳᠣᠬᠢ ᠬᠠᠯᠳᠠᠪᠤᠷᠢᠯᠠᠬᠤ ᠨᠣᠷᠮ᠎ᠠ ᠶᠢ 0.15% ᠠᠴᠠ ᠳᠣᠷᠣᠭᠰᠢ ᠳᠤ | ᠡᠵᠡᠮᠰᠢᠨ᠎ᠡ᠃ | ᠬᠤᠶᠠᠷ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ | ︵ᠨᠢᠭᠡ︶ ᠤᠬᠠᠭᠤᠯᠭ᠎ᠠ ᠬᠥᠮᠦᠵᠢᠯ ᠢᠶᠠᠷ ᠵᠢᠯᠣᠭᠤᠳᠣᠨ ᠨᠥᠯᠥᠭᠡᠯᠡᠬᠦ ᠪᠠ ᠨᠡᠶᠢᠭᠡᠮ ᠳᠠᠶᠠᠭᠠᠷ ᠢ | ᠳᠠᠶᠢᠴᠢᠯᠠᠬᠤ ᠪᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠰᠡᠷᠭᠡᠶᠢᠯᠡᠨ ᠵᠠᠰᠠᠬᠤ ᠤᠬᠠᠮᠰᠠᠷ ᠢ ᠳᠡᠭᠡᠭᠰᠢᠯᠡᠭᠦᠯᠦᠨ᠎ᠡ | 1. ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠠᠶᠢᠽ | ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ︽ᠠᠷᠠᠳ ᠢᠷᠭᠡᠳ ᠤᠨ ᠡᠷᠡᠭᠦᠯ ᠮᠡᠨᠳᠤ ᠶᠢᠨ ᠬᠡᠪ ᠪᠣᠯᠪᠠᠰᠤᠷᠠᠯ︾ ᠤᠨ | ᠠᠭᠤᠯᠭ᠎ᠠ ᠳᠤ ᠣᠷᠣᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ ᠳᠠᠪᠠᠭᠤᠯᠢᠭ ᠢ | ᠪᠠᠳᠠᠷᠠᠭᠤᠯᠤᠨ᠂ ᠰᠡᠷᠭᠡᠶᠢᠯᠡᠨ ᠵᠠᠰᠠᠬᠤ ᠮᠡᠳᠡᠯᠭᠡ ᠶᠢ ᠨᠡᠶᠢᠭᠡᠮ ᠲᠣᠭᠤᠷᠢᠭ᠂ ᠠᠵᠤ ᠠᠬᠤᠶᠢᠯᠠᠯ᠂ ᠡᠮᠨᠡᠯᠭᠡ ᠶᠢᠨ | ᠬᠤᠷᠢᠶ᠎ᠠ᠂ ᠰᠤᠷᠭᠠᠭᠤᠯᠢ ᠶᠢᠨ ᠬᠦᠷᠢᠶ᠎ᠡ᠂ ᠭᠡᠷ ᠪᠦᠯᠢ ᠳᠤ ᠣᠷᠣᠭᠤᠯᠬᠤ ᠶᠢ ᠠᠬᠢᠭᠤᠯᠬᠤ ᠬᠡᠷᠡᠭᠲᠡᠶ᠃ ᠳᠡᠯᠡᠬᠡᠶ ᠶᠢᠨ | ᠠᠶᠢᠽ ᠡᠪᠡᠳᠴᠢᠨ ᠤ ᠡᠳᠦᠷ᠂ ᠣᠯᠠᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠡᠳᠦᠷ ᠵᠢᠴᠢ ᠰᠣᠶᠣᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠲᠠᠢ | ᠤᠶᠠᠯᠳᠤᠭᠤᠯᠤᠨ᠂ ᠭᠤᠤᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠬᠡᠷᠡᠭᠯᠡᠵᠦ᠂ | ᠲᠥᠪᠯᠡᠷᠡᠩᠭᠦᠶ ᠴᠢᠨᠠᠷᠲᠠᠶ᠂ ᠪᠠᠶᠢᠩᠭᠤ ᠶᠢᠨ ᠴᠢᠨᠠᠷᠲᠠᠶ ᠤᠬᠠᠭᠤᠯᠭ᠎ᠠ ᠬᠥᠮᠦᠵᠢᠯ ᠥᠷᠨᠢᠭᠦᠯᠵᠦ᠂ ︽ᠬᠥᠮᠦᠨ ᠪᠦᠭᠦᠨ | ᠥᠪᠡᠷ ᠤᠨ ᠢᠶᠠᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠣᠨᠣᠯᠵᠢᠬᠤᠨ ᠢ ᠬᠥᠲᠥᠯᠦᠨ | ᠵᠢᠯᠣᠭᠤᠳᠴᠤ ᠪᠣᠶ ᠪᠣᠯᠭᠠᠨ᠎ᠠ᠃ | 2. ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠭᠤᠤᠯᠳᠠᠯᠭ᠎ᠠ ᠲᠠᠢ ᠬᠥᠮᠦᠰ ᠲᠤ ᠤᠬᠠᠭᠤᠯᠭ᠎ᠠ ᠬᠥᠮᠦᠵᠢᠯ | ᠬᠢᠭᠦ ᠪᠠᠨ ᠴᠢᠩᠭᠠᠳᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠲᠡᠷᠭᠡᠨ ᠥᠷᠲᠡᠭᠡ᠂ ᠨᠢᠰᠬᠡᠯ ᠤᠨ | ᠪᠠᠭᠤᠳᠠᠯ᠂ ᠬᠢᠯᠢ ᠶᠢᠨ ᠪᠣᠭᠤᠮᠲᠠ᠂ ᠵᠤᠭ᠎ᠠ ᠲᠣᠭᠯᠠᠭᠠᠮ ᠪᠠ ᠤᠬᠢᠶᠠᠯᠭ᠎ᠠ ᠶᠢᠨ ᠵᠡᠷᠭᠡ ᠲᠠᠯᠠᠪᠤᠷ ᠭᠠᠵᠠᠷ ᠲᠤ | ᠤᠬᠠᠭᠤᠯᠭ᠎ᠠ ᠶᠢᠨ ᠪᠤᠯᠤᠩ ᠭᠠᠷᠭᠠᠨ ᠲᠣᠬᠢᠷᠠᠭᠤᠯᠬᠤ᠂ ᠤᠬᠠᠭᠤᠯᠭ᠎ᠠ ᠶᠢᠨ ᠡᠳ᠋ ᠪᠤᠳᠠᠰ ᠲᠡᠯᠬᠡᠵᠦ ᠲᠠᠯᠪᠢᠬᠤ᠂ | ᠤᠬᠠᠭᠤᠯᠭ᠎ᠠ ᠬᠥᠮᠦᠵᠢᠯ ᠤᠨ ᠹᠢᠯᠢᠮ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ ᠤᠬᠠᠭᠤᠯᠭ᠎ᠠ | ᠥᠷᠨᠢᠭᠦᠯᠬᠦ ᠬᠡᠷᠡᠭᠲᠡᠶ᠃ ᠨᠡᠭᠦᠳᠡᠯ ᠬᠥᠮᠦᠨ ᠠᠮᠠ ᠲᠥᠪᠯᠡᠷᠡᠭᠰᠡᠨ ᠠᠵᠢᠯᠴᠢᠨ ᠬᠡᠷᠡᠭᠯᠡᠬᠦ ᠨᠢᠭᠡᠴᠢ ᠵᠢᠴᠢ ᠬᠥᠳᠡᠯᠮᠦᠷᠢ | ᠬᠦᠴᠦᠨ ᠢ ᠰᠢᠯᠵᠢᠬᠦᠯᠦᠨ ᠲᠣᠬᠢᠷᠠᠭᠤᠯᠬᠤ ᠪᠣᠯᠪᠠᠰᠤᠷᠠᠯ ᠬᠦᠷᠲᠡᠭᠡᠬᠦ ᠪᠠᠶᠢᠭᠤᠯᠤᠮᠵᠢ ᠶᠢᠨ ᠰᠡᠷᠡᠮᠵᠢᠯᠡᠭᠦᠯᠬᠦ ᠴᠢᠨᠠᠷᠲᠠᠶ | ᠰᠤᠷᠭᠠᠨ ᠬᠥᠮᠦᠵᠢᠯ ᠪᠠ ᠳᠠᠶᠢᠴᠢᠯᠠᠯᠲᠠ ᠬᠢᠵᠦ ᠪᠠᠶᠢᠴᠠᠭᠠᠨ ᠰᠢᠨᠵᠢᠬᠦ ᠵᠡᠷᠭᠡ ᠠᠵᠢᠯ ᠦᠷᠨᠢᠬᠦᠯᠦᠬᠦᠯᠬᠦ ᠪᠠᠷ | ᠰᠢᠮᠳᠠᠭᠤᠯᠤᠨ ᠵᠢᠯᠣᠭᠤᠳᠤᠨ᠎ᠠ᠃ 12320 ᠪᠠ 12356 ᠵᠡᠷᠭᠡ ᠦᠢᠯᠡᠴᠢᠯᠡᠭᠡᠨ ᠤ ᠬᠠᠯᠠᠮᠰᠢᠯ ᠤᠲᠠᠰᠤ ᠪᠠᠷ | ᠳᠠᠮᠵᠢᠭᠤᠯᠤᠨ ᠪᠣᠳᠠᠭᠠᠯᠢ ᠴᠣᠭᠴᠠ ᠶᠢᠨ ᠡᠷᠡᠭᠦᠯ ᠴᠢᠬᠢᠷᠠᠭ ᠤᠨ ᠬᠥᠮᠦᠵᠢᠯ ᠪᠠ ᠰᠡᠳᠬᠢᠴᠡ ᠶᠢᠨ ᠵᠦᠪᠯᠡᠯᠭᠡ | ᠥᠷᠨᠢᠭᠦᠯᠦᠨ᠎ᠡ᠃ | 3. ᠪᠦᠲᠦᠮᠵᠢᠲᠡᠶ ᠵᠢᠯᠣᠭᠤᠳᠤᠨ ᠨᠥᠯᠥᠭᠡᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ | ᠴᠢᠩᠭᠠᠷᠠᠭᠤᠯᠤᠨ᠎ᠠ᠃ ᠪᠡᠯᠬᠡᠪᠴᠢ ᠶᠢ ᠳᠡᠯᠭᠡᠷᠡᠭᠦᠯᠬᠦ ᠪᠠ ᠵᠥᠪ ᠢᠶᠠᠷ ᠬᠡᠷᠡᠭᠯᠡᠬᠦ ᠶᠢ ᠠᠬᠢᠭᠤᠯᠵᠤ᠂ ᠵᠣᠴᠢᠳ ᠤᠨ | ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠪᠡᠯᠬᠡᠪᠴᠢ ᠲᠠᠯᠪᠢᠬᠤ ᠬᠤᠯᠪᠣᠭᠳᠠᠯ ᠪᠥᠬᠦᠶ ᠲᠣᠭᠲᠠᠭᠠᠯ | ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠠᠴᠠᠭ᠎ᠠ | ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠤᠨ | ᠦᠢᠯᠡᠳᠦᠯ ᠢ ᠪᠠᠳᠠᠷᠠᠭᠤᠯᠤᠨ᠎ᠠ᠃ ᠡᠷ᠎ᠡ ᠡᠮ᠎ᠡ ᠬᠤᠶᠠᠭᠤᠯᠠ ᠶᠢᠨ ᠨᠢᠭᠡ ᠨᠢ ᠠᠶᠢᠽ ᠡᠪᠡᠳᠴᠢᠨ ᠳᠤ | ᠬᠠᠯᠳᠠᠪᠤᠷᠢᠯᠠᠭᠳᠠᠭᠰᠠᠨ ᠬᠡᠷ ᠪᠦᠯᠢ ᠶᠢᠨ ᠡᠷᠡᠭᠦᠯ ᠴᠢᠬᠢᠷᠠᠭ ᠤᠨ ᠬᠥᠮᠦᠵᠢᠯ᠂ ᠪᠠᠶᠢᠴᠠᠭᠠᠨ ᠰᠢᠨᠵᠢᠵᠦ ᠡᠮᠨᠡᠨ ᠵᠠᠰᠠᠬᠤ | ᠪᠠ ᠦᠷᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠡᠮ ᠲᠠᠩ ᠢᠶᠠᠷ | ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠢᠯᠡᠷᠡᠬᠦᠯᠵᠦ ᠤᠷᠢᠳᠴᠢᠯᠠᠨ ᠰᠡᠷᠭᠡᠶᠢᠯᠡᠬᠦ | ᠡᠭᠦᠳᠡᠨ ᠡᠮᠨᠡᠯᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ 2025 ᠣᠨ ᠤ ᠵᠢᠯ ᠤᠨ | ᠰᠡᠭᠦᠯᠴᠢ ᠠᠴᠠ ᠡᠮᠦᠨ᠎ᠡ ᠠᠶᠢᠮᠠᠭ ᠬᠤᠲᠠ ᠶᠢᠨ ᠱᠠᠲᠤ ᠪᠦᠬᠦᠨ ᠳᠤ ᠢᠯᠡᠷᠡᠬᠦᠯᠵᠦ ᠤᠷᠢᠳᠴᠢᠯᠠᠨ ᠰᠡᠷᠭᠡᠶᠢᠯᠡᠬᠦ | ᠡᠭᠦᠳᠡᠨ ᠡᠮᠨᠡᠯᠭᠡ ᠲᠠᠢ ᠪᠣᠯᠭᠠᠨ ᠪᠦᠳᠦᠬᠡᠨ ᠪᠠᠶᠢᠭᠤᠯᠬᠤ ᠶᠢ ᠪᠡᠶᠡᠯᠡᠭᠦᠯᠦᠨ᠎ᠡ᠃ ᠡᠮᠴᠢᠯᠡᠭᠡᠨ ᠳᠤ ᠬᠡᠷᠡᠭᠯᠡᠬᠦ | ᠴᠢᠰᠦᠨ ᠳᠠᠬᠢ ᠠᠶᠢᠽ ᠡᠪᠡᠳᠴᠢᠨ ᠤ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠨᠵᠢᠬᠦ ᠠᠵᠢᠯ ᠢ | ᠦᠷᠭᠦᠯᠵᠢᠯᠡᠨ ᠰᠠᠶᠢᠲᠤᠷ ᠬᠢᠨ᠎ᠡ᠃ ︽ᠢᠨᠲ᠋ᠧᠷ ᠰᠦᠯᠵᠢᠶ᠎ᠡ +︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠤᠭᠰᠠᠨ ᠪᠦᠬᠦ ᠬᠡᠯᠬᠢᠶ᠎ᠡ ᠪᠠᠷ ᠵᠢᠯᠤᠭᠤᠳᠤᠨ | ᠨᠦᠯᠦᠬᠡᠯᠡᠬᠦ ᠠᠷᠭ᠎ᠠ ᠶᠢ ᠬᠡᠷᠡᠭᠵᠢᠭᠦᠯᠦᠨ᠎ᠡ᠃ | 4. ᠨᠡᠶᠢᠭᠡᠮ ᠤᠨ ᠬᠦᠴᠦᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠤᠨ᠎ᠠ᠃ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭᠠᠲᠤ ᠬᠤᠷᠠᠯ᠂ ᠲᠥᠯᠥᠪᠯᠡᠭᠡᠲᠦ ᠦᠷᠡᠵᠢᠯ ᠤᠨ | ᠨᠡᠶᠢᠭᠡᠮᠯᠢᠭ ᠵᠡᠷᠭᠡ ᠨᠢᠭᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠵᠢᠯᠲᠠᠨ ᠠᠵᠢᠯᠴᠢᠨ ᠤ ᠤᠯᠠᠭᠠᠨ | ᠲᠣᠷᠭᠠᠨ ᠪᠦᠴᠡ ᠶᠢᠨ ᠡᠷᠡᠭᠦᠯ ᠮᠡᠨᠳᠦ ᠶᠢᠨ ᠠᠵᠢᠯᠯᠠᠭᠠᠨ︾᠂ ︽ᠵᠠᠯᠠᠭᠤᠴᠤᠳ ᠤᠨ ᠤᠯᠠᠭᠠᠨ ᠲᠣᠷᠭᠠᠨ | ᠪᠦᠴᠡ︾᠂ ︽ᠡᠮᠡᠭᠲᠡᠶᠢᠴᠦᠳ ᠤᠨ ︿ᠨᠢᠭᠤᠷᠳᠠᠯᠭᠠ﹀ ᠶᠢᠨ ᠤᠬᠠᠭᠤᠯᠭ᠎ᠠ ᠬᠥᠮᠦᠵᠢᠯ︾ ᠪᠠ ︽ᠵᠠᠯᠠᠭᠤ ᠨᠠᠰᠤ ᠪᠠ | ᠡᠷᠡᠭᠦᠯ ᠮᠡᠨᠳᠦ︾ ᠵᠡᠷᠭᠡ ᠲᠤᠰᠬᠠᠶ ᠠᠵᠢᠯᠯᠠᠭᠠᠨ ᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠨᠡᠶᠢᠭᠡᠮ ᠤᠨ | ᠬᠦᠴᠦᠨ ᠤ ᠰᠡᠷᠭᠡᠶᠢᠯᠡᠨ ᠵᠠᠰᠠᠯᠲᠠ ᠳᠤ ᠣᠷᠣᠯᠴᠠᠬᠤ ᠶᠢ ᠠᠵᠢᠯ ᠤᠨ ᠲᠥᠯᠥᠪᠯᠡᠭᠡ ᠳᠤ ᠪᠠᠨ ᠣᠷᠣᠭᠤᠯᠵᠤ᠂ | ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠰᠡᠷᠭᠡᠶᠢᠯᠡᠨ ᠵᠠᠰᠠᠬᠤ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠬᠤ ᠪᠠ ᠳᠡᠮᠵᠢᠨ᠎ᠡ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠰᠠᠶᠢᠨ ᠲᠤᠷᠠᠴᠤᠣᠯ ᠪᠠ ᠨᠡᠷ᠎ᠡ | ᠴᠣᠣᠲᠤ ᠬᠥᠮᠦᠰ ᠢ ᠳᠠᠶᠢᠴᠢᠯᠠᠨ ᠳᠡᠮᠵᠢᠵᠦ ᠪᠠᠶᠢᠭᠠᠳ ᠰᠡᠷᠭᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠳᠤ ᠣᠷᠣᠯᠴᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠨᠢ ᠭᠦᠢᠴᠡᠳᠭᠡᠯᠭᠡᠨ᠎ᠡ᠃ | ︵ᠬᠤᠶᠠᠷ︶ ᠪᠠᠶᠢᠴᠠᠭᠠᠨ ᠰᠢᠨᠵᠢᠬᠦ ᠪᠠ ᠬᠢᠨᠠᠨ ᠰᠢᠨᠵᠢᠬᠦ ᠪᠠᠨ ᠴᠢᠩᠭᠠᠳᠬᠠᠵᠤ᠂ ᠡᠪᠡᠳᠴᠢᠨ ᠤ ᠵᠢᠱᠢᠶ᠎ᠡ ᠶᠢ | ᠡᠷᠲᠡ ᠣᠨᠣᠰᠢᠯᠠᠬᠤ᠂ ᠡᠷᠲᠡ ᠢᠯᠡᠷᠡᠭᠦᠯᠬᠦ ᠶᠢ ᠠᠬᠢᠭᠤᠯᠤᠨ᠎ᠠ | 1. ᠪᠠᠶᠢᠴᠠᠭᠠᠨ ᠰᠢᠨᠵᠢᠬᠦ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠪᠠᠶᠢᠴᠠᠭᠠᠨ ᠰᠢᠨᠵᠢᠬᠦ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠶᠢᠽ ᠡᠪᠡᠳᠴᠢᠨ ᠤ ᠲᠤᠷᠰᠢᠯᠲᠠ ᠶᠢᠨ ᠲᠠᠰᠤᠭ ᠤᠨ | ᠪᠠᠶᠢᠴᠠᠭᠠᠨ ᠰᠢᠨᠵᠢᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠡᠯ᠎ᠡ ᠠᠶᠢᠮᠠᠭ ᠬᠤᠳᠠ ᠪᠠ ᠭᠤᠣᠯᠳᠠᠯᠭ᠎ᠠ ᠲᠠᠢ | ᠬᠤᠰᠢᠭᠤ ᠰᠢᠶᠠᠨ ︵ᠬᠤᠳᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠪᠠ | ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠠᠨᠲ᠋ᠢᠪᠣᠳ ᠢ ᠭᠡᠷᠡᠴᠢᠯᠡᠨ ᠲᠣᠳᠤᠯᠠᠵᠤ ᠪᠠᠶᠢᠴᠠᠭᠠᠨ ᠰᠢᠨᠵᠢᠬᠦ | ᠪᠠ ᠪᠥᠭᠡᠮ ᠬᠦᠴᠢᠯ ᠢ ᠣᠨᠣᠰᠢᠯᠠᠬᠤ ᠴᠢᠳᠠᠪᠤᠷᠢ ᠶᠢ ᠪᠦᠷᠢᠯᠳᠦᠬᠦᠯᠵᠦ᠂ ᠰᠤᠮᠤ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠤᠨ ᠬᠢᠨ ᠤ ᠠᠶᠢᠽ ᠡᠪᠡᠳᠴᠢᠨ ᠢ ᠪᠠᠶᠢᠴᠠᠭᠠᠨ ᠰᠢᠨᠵᠢᠬᠦ ᠴᠡᠭ ᠪᠠᠶᠢᠭᠤᠯᠬᠤ ᠶᠢ ᠵᠣᠷᠢᠭᠵᠢᠭᠤᠯᠤᠨ ᠳᠡᠮᠵᠢᠬᠦ | ᠬᠡᠷᠡᠭᠲᠡᠶ᠃ ᠬᠠᠨᠳᠤᠯᠭᠠᠲᠤ ᠴᠢᠨᠠᠷᠲᠠᠶ ᠪᠠᠷ ᠰᠢᠭᠰᠢᠨ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ᠭᠤᠤᠯᠳᠠᠯᠭ᠎ᠠ ᠲᠠᠢ | ᠬᠥᠮᠦᠰ ᠢ ᠳᠠᠶᠢᠴᠢᠯᠠᠨ ᠥᠪᠡᠷ ᠢ ᠪᠠᠨ ᠪᠠᠶᠢᠴᠠᠭᠠᠨ ᠰᠢᠨᠵᠢᠬᠦ ᠪᠠ ᠬᠤᠷᠢᠴᠠᠯ ᠤᠨ ᠬᠠᠨᠢ ᠪᠠᠨ ᠪᠠᠶᠢᠴᠠᠭᠠᠨ ᠰᠢᠨᠵᠢᠬᠦ ᠶᠢ | ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ ᠪᠠ ᠡᠮᠴᠢᠯᠡᠭᠡᠨ ᠤ ᠪᠠᠶᠢᠭᠤᠯᠤᠮᠵᠢ ᠶᠢᠨ ᠭᠤᠤᠯᠳᠠᠯᠭ᠎ᠠ ᠲᠠᠢ ᠰᠠᠯᠠᠭ᠎ᠠ | ᠲᠠᠰᠤᠭ ᠲᠤ ᠡᠮᠨᠡᠭᠦᠯᠦᠭᠰᠡᠳ ᠤᠨ ᠠᠶᠢᠽ ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ ᠪᠠ ᠲᠡᠮᠪᠦᠤ | ᠵᠡᠷᠭᠡ ᠣᠯᠠᠨ ᠡᠪᠡᠳᠴᠢᠨ ᠢ ᠬᠠᠮᠳᠤᠷᠠᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠥᠩᠭᠡᠨ ᠤ ᠡᠪᠡᠳᠴᠢᠨ | ᠡᠮᠨᠡᠭᠦᠯᠦᠭᠰᠡᠳ ᠲᠤ ᠵᠢᠷᠤᠮᠵᠢᠭᠰᠠᠨ ᠣᠨᠣᠰᠢᠯᠠᠨ ᠡᠮᠨᠡᠬᠦ ᠪᠠ ᠠᠶᠢᠽ ᠡᠪᠡᠳᠴᠢᠨ ᠢ ᠪᠠᠶᠢᠴᠠᠭᠠᠨ ᠰᠢᠨᠵᠢᠵᠦ ᠵᠦᠪᠯᠡᠯᠭᠡ | ᠥᠭᠬᠦ ᠦᠢᠯᠡᠴᠢᠯᠡᠭᠡ ᠬᠠᠩᠭᠠᠨ᠎ᠠ᠃ ᠭᠤᠤᠯᠳᠠᠯᠭ᠎ᠠ ᠲᠠᠢ ᠭᠠᠵᠠᠷ ᠣᠷᠣᠨ ᠨᠢ ᠠᠶᠢᠽ ᠡᠪᠡᠳᠴᠢᠨ᠂ C ᠬᠡᠯᠪᠡᠷᠢᠲᠦ | ᠡᠯᠢᠭᠡᠨ ᠤ ᠸᠢᠷᠦ᠋ᠰᠲᠦ ᠦᠷᠪᠢᠰᠦᠯ ᠪᠠ ᠥᠩᠭᠡᠨ ᠤ ᠡᠪᠡᠳᠴᠢᠨ ᠢ ᠪᠠᠶᠢᠴᠠᠭᠠᠨ ᠰᠢᠨᠵᠢᠬᠦ ᠵᠦᠪᠯᠡᠯᠭᠡ ᠥᠭᠬᠦ ᠠᠵᠢᠯ ᠢ | ᠤᠷᠤᠭᠯᠠᠬᠤ ᠠᠴᠠ ᠡᠮᠦᠨᠡᠬᠢ ᠰᠠᠶᠢᠨ ᠳᠤᠷ᠎ᠠ ᠶᠢᠨ ᠠᠨᠠᠭᠠᠬᠤ ᠤᠬᠠᠭᠠᠨ ᠤ ᠪᠠᠶᠢᠴᠠᠭᠠᠯᠲᠠ ᠪᠠ ᠭᠤᠤᠯᠳᠠᠯᠭ᠎ᠠ ᠲᠠᠢ | ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠠᠵᠢᠯᠯᠬᠠᠰᠠᠳ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠳᠤ | ᠣᠷᠣᠭᠤᠯᠵᠤ᠂ ᠬᠠᠷᠢᠶ᠎ᠠ ᠣᠷᠣᠨ ᠤ ᠪᠠᠨ ᠠᠶᠢᠽ ᠡᠪᠡᠳᠴᠢᠨ ᠢ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠮᠡᠳᠡᠭᠡ | ᠵᠠᠩᠭᠢ ᠶᠢ ᠴᠠᠭ ᠲᠤᠬᠠᠶ ᠳᠤ ᠨᠢ ᠨᠡᠶᠢᠭᠡᠮ ᠨᠡᠶᠢᠲᠡ ᠳᠤ ᠨᠡᠶᠢᠲᠡᠯᠡᠵᠦ᠂ ᠪᠠᠶᠢᠴᠠᠭᠠᠨ ᠰᠢᠨᠵᠢᠬᠦ ᠦᠢᠯᠡᠴᠢᠯᠡᠭᠡᠨ ᠤ | ᠲᠥᠬᠦᠮ ᠳᠦᠲᠡ ᠮᠦᠷᠲᠡᠭᠡᠨ ᠬᠦᠷᠲᠡᠵᠦ ᠳᠡᠶᠢᠯᠬᠦ ᠪᠣᠯᠬᠤ ᠶᠢ ᠨᠢ ᠠᠬᠢᠭᠤᠯᠤᠨ᠎ᠠ᠃ | 2. ᠣᠯᠠᠨ ᠠᠷᠭ᠎ᠠ ᠵᠠᠮ ᠢᠶᠠᠷ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠵᠦ᠂ | ᠳ᠋ᠠᠶᠢᠲ᠋ᠠ ᠶᠢ ᠵᠠᠳᠠᠯᠤᠨ ᠠᠰᠢᠭᠯᠠᠬᠤ ᠪᠠᠨ ᠴᠢᠩᠭᠠᠳᠬᠠᠨ᠎ᠠ᠃ ᠪᠥᠬᠦ ᠣᠷᠣᠨ ᠤ ᠬᠠᠯᠳᠠᠪᠤᠷᠢᠲᠤ ᠡᠪᠡᠳᠴᠢᠨ ᠢ ᠬᠢᠨᠠᠨ | ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠮᠡᠳᠡᠭᠡ ᠵᠠᠩᠭᠢ ᠶᠢᠨ | ᠲᠠᠪᠴᠠᠩ ᠢ ᠠᠰᠢᠭᠯᠠᠨ᠂ ᠠᠶᠢᠽ ᠡᠪᠡᠳᠴᠢᠨ ᠢ ᠰᠡᠷᠭᠡᠶᠢᠯᠡᠨ ᠬᠤᠷᠢᠭᠯᠠᠬᠤ ᠤᠶᠤᠨᠲᠤ ᠣᠯᠠᠨ ᠡᠰᠢᠵᠢᠭᠰᠡᠨ ᠬᠢᠨᠠᠨ | ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠭᠤᠤᠯᠳᠠᠯᠭ᠎ᠠ ᠲᠠᠢ ᠬᠥᠮᠦᠰ ᠲᠤ | ᠬᠠᠷᠠᠭᠤᠯ ᠤᠨ ᠴᠡᠭ ᠮᠠᠶ᠋ᠢᠭ ᠤᠨ ᠬᠢᠨᠠᠨ ᠰᠢᠨᠵᠢᠯᠲᠡ ᠪᠠ ᠡᠮ ᠳᠤ ᠳᠠᠭᠠᠭᠠᠮᠠᠭᠠᠢ ᠴᠢᠨᠠᠷ ᠤᠨ ᠬᠢᠨᠠᠨ ᠰᠢᠨᠵᠢᠯᠲᠡ | ᠬᠢᠬᠦ ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠬᠤᠭᠤᠷᠣᠨᠳᠣᠬᠢ ᠮᠡᠳᠡᠭᠡ ᠵᠠᠩᠭᠢ ᠶᠢᠨ ᠰᠣᠯᠢᠯᠴᠠᠭ᠎ᠠ ᠶᠢ | ᠠᠬᠢᠭᠤᠯᠤᠨ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠵᠢᠴᠢ ᠪᠠᠶᠢᠳᠠᠯ ᠬᠠᠨᠳᠤᠰᠢ ᠶᠢᠨ ᠵᠠᠳᠠᠯᠤᠯᠲᠠ | ᠬᠢᠬᠦ ᠶᠢ ᠴᠢᠩᠭᠠᠷᠠᠭᠤᠯᠤᠨ᠎ᠠ᠃ ᠸᠢᠷᠦ᠋ᠰ ᠤᠨ ᠭᠧᠨ ᠤ ᠳᠠᠷᠠᠭᠠᠯᠠᠯ ᠢ ᠬᠡᠮᠵᠢᠬᠦ᠂ ᠮᠣᠯᠧᠺᠦ᠋ᠯ ᠤᠨ ᠲᠠᠷᠬᠠᠭᠠᠯᠲᠠ ᠶᠢᠨ | ᠲᠣᠤᠷ ᠰᠦᠯᠵᠢᠶ᠎ᠡ ᠪᠠ ᠰᠢᠨᠡᠬᠡᠨ ᠣᠶᠢᠷ᠎ᠠ ᠶᠢᠨ ᠬᠠᠯᠳᠠᠪᠤᠷᠢᠯᠠᠭ᠎ᠠ ᠶᠢ ᠵᠠᠳᠠᠯᠬᠤ ᠵᠡᠷᠭᠡ ᠶᠢ ᠠᠰᠢᠭᠯᠠᠨ᠂ ᠰᠢᠨ᠎ᠡ ᠪᠠᠷ | ᠮᠡᠳᠡᠭᠦᠯᠦᠭᠰᠡᠨ ᠬᠠᠯᠳᠠᠪᠤᠷᠢᠯᠠᠭᠳᠠᠭᠰᠠᠳ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ | ᠲᠠᠷᠬᠠᠭᠠᠯᠲᠠ ᠶᠢᠨ ᠲᠦᠭᠰᠢᠭᠦᠷᠢ ᠶᠢᠨ ᠮᠠᠭᠠᠳᠯᠠᠯᠲᠠ ᠶᠢ ᠭᠦᠨᠵᠡᠭᠡᠶ ᠥᠷᠨᠢᠭᠦᠯᠵᠦ᠂ ᠲᠥᠷᠥᠯ ᠬᠤᠪᠢᠶᠠᠨ ᠵᠢᠯᠤᠭᠤᠳᠤᠨ | ᠨᠦᠯᠦᠬᠡᠯᠡᠬᠦ ᠶᠢ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠢ ᠢᠳᠡᠪᠬᠢᠲᠡᠶ | ᠵᠣᠬᠢᠴᠠᠭᠤᠯᠵᠤ᠂ ᠲᠠᠭᠠᠨ ᠤᠶᠢᠯᠠᠭᠠᠵᠦ ᠴᠢᠳ᠋ᠬᠠᠰᠠᠨ ᠦᠬᠡᠢ ᠡᠪᠡᠳᠴᠢᠨ ᠤ ᠵᠢᠱᠢᠶᠡᠨ ᠤ ᠮᠡᠳᠡᠭᠡ ᠵᠠᠩᠭᠢ ᠶᠢ ᠴᠠᠭ | ᠲᠤᠬᠠᠶ ᠳᠤ ᠨᠢ ᠣᠶᠢᠯᠠᠭᠠᠨ ᠡᠵᠡᠮᠰᠢᠵᠦ᠂ ᠡᠪᠡᠳᠴᠢᠨ ᠤ ᠵᠢᠱᠢᠶᠡᠨ ᠤ ᠬᠠᠮᠢᠶᠠᠷᠤᠯᠲᠠ ᠶᠢᠨ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠡᠮᠨᠡᠨ ᠵᠠᠰᠠᠬᠤ ᠪᠠ ᠠᠪᠤᠷᠠᠨ ᠲᠤᠰᠠᠯᠠᠬᠤ ᠶᠢ ᠠᠬᠢᠭᠤᠯᠵᠤ᠂ ᠸᠢᠷᠦ᠋ᠰ ᠢ ᠡᠰᠡᠷᠭᠦᠴᠡᠬᠦ | ᠲᠠᠯ᠎ᠠ ᠪᠠᠷ ᠬᠢ ᠡᠮᠨᠡᠨ ᠵᠠᠰᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ | 1. ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠶᠢ ᠴᠢᠨᠠᠷ ᠰᠠᠶᠢᠲᠠᠶ ᠥᠷᠨᠢᠭᠦᠯᠦᠨ᠎ᠡ᠃ ᠪᠠᠶᠢᠴᠠᠭᠠᠨ ᠰᠢᠨᠵᠢᠬᠦ᠂ | ᠣᠨᠣᠰᠢᠯᠠᠬᠤ᠂ ᠡᠮᠨᠡᠨ ᠵᠠᠰᠠᠬᠤ ᠲᠠᠯ᠎ᠠ ᠳᠤ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠪᠥᠬᠦ | ᠲᠠᠯ᠎ᠠ ᠪᠠᠷ ᠳᠡᠯᠭᠡᠷᠡᠭᠦᠯᠵᠦ᠂ ᠡᠮᠴᠢᠯᠡᠭᠡ ᠪᠠ ᠰᠡᠷᠭᠡᠶᠢᠯᠡᠯᠲᠡ ᠶᠢ ᠬᠠᠮᠵᠢᠯᠴᠠᠭᠤᠯᠬᠤ᠂ ᠡᠮᠴᠢᠯᠡᠭᠡ ᠪᠠ ᠰᠡᠷᠭᠡᠶᠢᠯᠡᠯᠲᠡ ᠶᠢ | ᠠᠭᠤᠰᠤᠯᠴᠠᠭᠤᠯᠬᠤ ᠲᠤᠷᠰᠢᠯᠲᠠ ᠶᠢ ᠢᠳᠡᠪᠬᠢᠲᠡᠶ ᠠᠬᠢᠭᠤᠯᠤᠨ᠎ᠠ᠃ ᠰᠢᠯᠵᠢᠬᠦᠯᠦᠨ ᠡᠮᠨᠡᠬᠦ ᠪᠠ ᠬᠠᠮᠲᠤᠷᠠᠨ | ᠣᠨᠣᠰᠢᠯᠠᠬᠤ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠪᠠᠷ ᠮᠡᠳᠡᠭᠦᠯᠦᠭᠰᠡᠨ ᠬᠠᠯᠳᠠᠪᠤᠷᠢᠯᠠᠭᠰᠠᠳ ᠢ ᠡᠷᠲᠡᠬᠡᠨ ᠡᠮᠨᠡᠨ | ᠵᠠᠰᠠᠵᠤ᠂ ᠡᠮᠨᠡᠨ ᠵᠠᠰᠠᠭᠠᠳᠤᠢ ᠬᠠᠯᠳᠠᠪᠤᠷᠢᠯᠠᠭᠰᠠᠳ ᠢ ᠳᠠᠶᠢᠴᠢᠯᠠᠨ ᠡᠮᠨᠡᠨ ᠵᠠᠰᠠᠭᠤᠯᠬᠤ ᠬᠡᠷᠡᠭᠲᠡᠶ᠃ ᠣᠨᠳᠣᠤ ᠭᠠᠵᠠᠷ ᠲᠤ | ᠬᠢᠭᠰᠡᠨ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠲᠠᠢ ᠵᠤᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠠᠯᠳᠠᠪᠤᠷᠢᠯᠠᠭᠰᠠᠳ ᠢ ᠡᠮᠨᠡᠨ ᠵᠠᠰᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠬᠤᠯᠪᠣᠭᠳᠠᠯ ᠪᠥᠬᠦᠶ | ᠣᠨᠣᠰᠢᠯᠠᠨ ᠡᠮᠨᠡᠬᠦ ᠵᠦᠭᠯᠡᠭᠦᠷ ᠢ ᠴᠢᠩᠭ᠎ᠠ ᠬᠡᠷᠡᠭᠵᠢᠭᠦᠯᠵᠦ᠂ ᠡᠮᠨᠡᠨ ᠵᠠᠰᠠᠬᠤ ᠶᠢ ᠦᠨᠡᠯᠡᠨ ᠵᠢᠱᠢᠬᠦ᠂ ᠡᠪᠡᠳᠴᠢᠨ ᠤ | ᠪᠠᠶᠢᠳᠠᠯ ᠪᠠ ᠡᠮ ᠳᠤ ᠳᠠᠭᠠᠭᠠᠮᠠᠭᠠᠢ ᠴᠢᠨᠠᠷ ᠢ ᠬᠢᠨᠠᠨ ᠰᠢᠨᠵᠢᠬᠦ ᠪᠠᠨ ᠴᠢᠩᠭᠠᠳᠬᠠᠨ᠂ ᠨᠠᠰᠤᠨ ᠳᠤ ᠭᠦᠷᠦᠭᠰᠡᠳ ᠵᠢᠴᠢ | ᠬᠡᠤᠬᠡᠳ ᠤᠨ ᠡᠮᠨᠡᠨ ᠵᠠᠰᠠᠬᠤ ᠲᠥᠰᠦᠯ ᠢ ᠴᠠᠭ ᠲᠤ ᠨᠢ ᠳᠣᠭᠢᠷᠠᠭᠤᠯᠤᠨ ᠰᠢᠯᠢᠳᠡᠭᠵᠢᠭᠦᠯᠦᠨ᠎ᠡ᠃ ᠲᠣᠬᠢᠶᠠᠯ ᠤᠨ | ᠴᠢᠨᠠᠷᠲᠠᠶ ᠬᠠᠯᠳᠠᠪᠤᠷᠢᠯᠠᠭ᠎ᠠ ᠶᠢᠨ ᠬᠤᠯᠪᠣᠭᠳᠠᠯ ᠪᠥᠬᠦᠶ ᠠᠪᠤᠷᠠᠨ ᠵᠠᠰᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠰᠦᠷᠢᠶ᠎ᠡ ᠡᠪᠡᠳᠴᠢᠨ ᠵᠡᠷᠭᠡ ᠲᠣᠬᠢᠶᠠᠯ ᠤᠨ ᠴᠢᠨᠠᠷᠲᠠᠶ ᠬᠠᠯᠳᠠᠪᠤᠷᠢᠯᠠᠬᠤ ᠡᠪᠡᠳᠴᠢᠨ ᠡᠮᠭᠡᠭ ᠢ | ᠰᠢᠭᠰᠢᠨ ᠪᠠᠶᠢᠴᠠᠭᠠᠬᠤ᠂ ᠣᠨᠣᠰᠢᠯᠠᠬᠤ ᠪᠠ ᠡᠮᠨᠡᠨ ᠵᠠᠰᠠᠬᠤ ᠠᠵᠢᠯ ᠢ ᠰᠠᠶᠢᠲᠤᠷ ᠬᠢᠨ᠎ᠠ᠃ ᠬᠠᠯᠳᠠᠪᠤᠷᠢᠯᠠᠭᠰᠠᠳ ᠢ | ᠲᠥᠷᠥᠯ ᠬᠤᠪᠢᠶᠠᠨ ᠬᠠᠮᠢᠶᠠᠷᠬᠤ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠪᠠᠷ ᠲᠠᠭᠠᠨ ᠤᠶᠢᠯᠠᠭᠠᠵᠦ | ᠵᠢᠯᠤᠭᠤᠳᠤᠨ ᠨᠦᠯᠦᠬᠡᠯᠡᠬᠦ ᠦᠢᠯᠡᠴᠢᠯᠡᠭᠡ ᠬᠠᠩᠭᠠᠵᠤ᠂ ᠲᠡᠳᠡᠨ ᠢ ᠰᠢᠮᠳᠠᠭᠤᠯᠵᠤ ᠪᠠᠶᠢᠭᠠᠳ ᠵᠢᠷᠤᠮᠵᠢᠭᠰᠠᠨ ᠡᠮᠨᠡᠯᠬᠡ | ᠵᠠᠰᠠᠯᠭ᠎ᠠ ᠬᠢᠯᠭᠡᠬᠦ ᠶᠢᠨ ᠬᠠᠮᠲᠤ ᠬᠤᠷᠢᠴᠠᠯ ᠤᠨ ᠬᠠᠨᠢ ᠳᠤ ᠪᠠᠨ ᠮᠡᠳᠡᠭᠳᠡᠬᠦ ᠵᠢᠴᠢ ᠪᠤᠰᠤᠳ ᠲᠤ ᠬᠠᠯᠳᠠᠪᠤᠷᠢᠯᠠᠬᠤ ᠶᠢ | ᠰᠡᠷᠭᠡᠶᠢᠯᠡᠬᠦ ᠵᠡᠷᠭᠡ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠯᠬᠡᠨᠡ᠃ | 2. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠪᠠᠷ ᠡᠮᠨᠡᠨ ᠵᠠᠰᠠᠬᠤ ᠶᠢ ᠢᠳᠡᠪᠬᠢᠲᠡᠶ | ᠠᠬᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠶᠢᠽ ᠡᠪᠡᠳᠴᠢᠨ ᠢ ᠣᠨᠣᠰᠢᠯᠠᠨ ᠡᠮᠨᠡᠬᠦ | ᠠᠵᠢᠯ ᠳᠤ ᠣᠷᠣᠯᠴᠠᠬᠤ ᠲᠣᠭᠲᠠᠴᠠ ᠶᠢ ᠪᠦᠷᠢᠨᠰᠢᠬᠦᠯᠵᠦ᠂ ᠲᠤᠷᠰᠢᠯᠲᠠ ᠶᠢᠨ ᠴᠡᠭ ᠤᠨ ᠲᠥᠷᠥᠯ ᠵᠦᠢᠯ ᠢ | ᠦᠷᠭᠦᠯᠵᠢᠯᠡᠨ ᠠᠬᠢᠭᠤᠯᠵᠤ᠂ ᠡᠮᠨᠡᠨ ᠵᠠᠰᠠᠭᠰᠠᠨ ᠡᠮᠴᠢᠯᠡᠭᠡᠨ ᠤ ᠲᠤᠷᠰᠢᠯᠭ᠎ᠠ ᠪᠠᠨ ᠳ᠋ᠦᠩᠨᠡᠨ᠂ ᠬᠢᠲᠠᠳ ︵ᠮᠣᠩᠭᠤᠯ︶ | ᠡᠮᠨᠡᠯᠭᠡ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠣᠨᠣᠰᠢᠯᠠᠨ ᠡᠮᠨᠡᠬᠦ ᠲᠥᠰᠦᠯ ᠢ | ᠲᠡᠭᠦᠯᠳᠡᠷᠵᠢᠭᠦᠯᠵᠦ᠂ ᠡᠮᠨᠡᠨ ᠵᠠᠰᠠᠬᠤ ᠬᠡᠪᠴᠢᠶᠡᠵᠢᠯ ᠢ ᠤᠯᠠᠮ ᠨᠢᠭᠡ ᠠᠯᠬᠤᠮ ᠥᠷᠭᠡᠳᠬᠡᠨ᠎ᠡ᠃ | 3. ᠬᠠᠯᠳᠠᠪᠤᠷᠢᠯᠠᠭᠰᠠᠳ ᠢ ᠬᠠᠷᠠᠭᠠᠯᠵᠠᠵᠤ ᠲᠡᠩᠬᠡᠷᠡᠭᠦᠯᠦᠨ ᠲᠤᠰᠠᠯᠠᠬᠤ ᠪᠠᠨ ᠴᠢᠩᠭᠠᠳᠬᠠᠨ᠎ᠠ᠃ | ᠬᠠᠯᠳᠠᠪᠤᠷᠢᠯᠠᠭᠰᠠᠳ ᠲᠤ ᠬᠠᠶᠢᠷ᠎ᠠ ᠬᠠᠯᠠᠮᠵᠢ ᠪᠠᠷ ᠬᠠᠪᠰᠤᠷᠤᠨ ᠲᠤᠰᠠᠯᠠᠬᠤ᠂ ᠬᠠᠶᠢᠷ᠎ᠠ ᠰᠡᠳᠬᠢᠯᠭᠡ ᠪᠠᠷ ᠳᠡᠮᠵᠢᠬᠦ᠂ | ᠠᠵᠢᠯ ᠣᠯᠭᠤᠯᠲᠠ ᠶᠢ ᠵᠢᠯᠣᠭᠤᠳᠬᠤ ᠵᠡᠷᠭᠡ ᠬᠠᠯᠠᠮᠵᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠬᠠᠯᠳᠠᠪᠤᠷᠢᠯᠠᠭᠰᠠᠳ ᠵᠢᠴᠢ ᠲᠡᠳᠡᠨ ᠤ ᠭᠡᠷ ᠪᠦᠯᠢ ᠶᠢᠨ ᠬᠢᠨ ᠤ ᠡᠪᠡᠳᠴᠢᠨ ᠦᠵᠡᠭᠦᠯᠬᠦ᠂ ᠠᠵᠢᠯ ᠤᠯᠬᠤ᠂ | ᠰᠤᠷᠭᠠᠭᠤᠯᠢ ᠳᠤ ᠰᠠᠭᠤᠬᠤ ᠵᠡᠷᠭᠡ ᠬᠠᠤᠯᠢ ᠶᠣᠰᠣᠨ ᠤ ᠡᠷᠬᠡ ᠠᠰᠢᠭ ᠢ ᠨᠢ ᠬᠠᠤᠯᠢ ᠶᠣᠰᠣᠭᠠᠷ ᠪᠠᠲᠤᠯᠠᠵᠤ᠂ | ᠨᠡᠶᠢᠭᠡᠮ ᠤᠨ ᠭᠠᠳᠠᠭᠤᠷᠴᠢᠯᠠᠯ ᠢ ᠪᠠᠭᠠᠰᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠩᠬ᠎ᠠ | ᠤᠨᠤᠰᠢᠯᠬᠠᠴᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠷᠠᠭᠤᠯᠵᠤ᠂ ᠣᠨᠣᠰᠢᠯᠠᠨ ᠡᠮᠨᠡᠬᠦ ᠦᠢᠯᠡᠴᠢᠯᠡᠭᠡᠨ ᠤ | ᠳᠤᠮᠳᠠ ᠢᠯᠡᠷᠡᠭᠦᠯᠦᠭᠰᠡᠨ ᠬᠠᠯᠳᠠᠪᠤᠷᠢᠯᠠᠭᠰᠠᠳ ᠲᠤ ᠣᠨᠣᠰᠢᠯᠠᠨ ᠡᠮᠨᠡᠬᠦ ᠬᠠᠮᠢᠶ᠎ᠠ ᠪᠥᠬᠦᠶ ᠠᠷᠭᠠᠴᠠᠭᠠᠨ ᠰᠶᠢᠳᠪᠦᠷᠢᠯᠡᠬᠦ | ᠠᠵᠢᠯ ᠢ ᠰᠠᠶᠢᠲᠤᠷ ᠬᠢᠵᠦ᠂ ᠶᠠᠮᠠᠷᠪᠠ ᠨᠢᠭᠡᠨ ᠤᠴᠢᠷ ᠰᠢᠯᠲᠠᠭᠠᠨ ᠢᠶᠠᠷ ᠰᠢᠯᠲᠠᠭᠯᠠᠬᠤ ᠪᠤᠶᠤ ᠣᠨᠣᠰᠢᠯᠠᠨ ᠡᠮᠨᠡᠬᠦ ᠶᠢ | ᠲᠡᠪᠴᠢᠵᠦ ᠪᠣᠯᠬᠤ ᠥᠬᠡᠶ᠃ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠲᠠᠢ | ᠵᠤᠯᠭᠠᠯᠳᠤᠭᠤᠯᠬᠤ ᠪᠠᠨ ᠴᠢᠩᠭᠠᠳᠬᠠᠵᠤ᠂ ᠬᠠᠯᠳᠠᠪᠤᠷᠢᠯᠠᠭᠰᠠᠳ ᠤᠨ ᠦᠨᠳᠦᠰᠦᠨ ᠡᠮᠴᠢᠯᠡᠭᠡ᠂ ᠨᠠᠰᠤᠵᠢᠯ ᠤᠨ | ᠦᠨᠳᠦᠰᠦᠨ ᠠᠰᠠᠷᠠᠮᠵᠢ᠂ ᠦᠨᠳᠦᠰᠦᠨ ᠠᠮᠢᠳᠤᠷᠠᠯ ᠵᠡᠷᠭᠡ ᠡᠷᠬᠡ ᠠᠰᠢᠭ ᠢ ᠨᠢ ᠪᠦᠲᠦᠮᠵᠢᠲᠡᠶ ᠪᠠᠲᠤᠯᠠᠨ᠎ᠠ᠃ ᠠᠶᠢᠽ | ᠡᠪᠡᠳᠴᠢᠨ ᠠᠴᠠ ᠪᠣᠯᠤᠭᠰᠠᠨ ᠥᠨᠥᠴᠢᠨ ᠬᠡᠦᠬᠡᠳ ᠪᠠ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ | ᠬᠡᠦᠬᠡᠳ ᠲᠤ ᠦᠨᠳᠦᠰᠦᠨ ᠠᠮᠢᠳᠤᠷᠠᠯ ᠤᠨ ᠵᠠᠷᠤᠳᠠᠯ ᠢ ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠤᠯᠭᠤᠵᠦ᠂ | ᠠᠶᠢᠽ ᠡᠪᠡᠳᠴᠢᠨ ᠳᠤ ᠨᠥᠯᠥᠭᠡᠯᠡᠭᠳᠡᠭᠰᠡᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠨᠢ ᠭᠦᠢᠴᠡᠳ | ᠪᠠᠲᠤᠯᠠᠨ᠎ᠠ᠃ | ︵ᠳᠥᠷᠪᠡ︶ ᠲᠥᠷᠥᠯ ᠬᠤᠪᠢᠶᠠᠨ ᠵᠢᠯᠣᠭᠤᠳᠬᠤ ᠶᠢ ᠬᠡᠷᠡᠭᠵᠢᠭᠦᠯᠵᠦ᠂ ᠠᠳᠠᠯᠢ ᠪᠤᠰᠤ ᠬᠥᠮᠦᠰ ᠲᠤ | ᠬᠠᠨᠳᠤᠯᠭᠠᠲᠤ ᠴᠢᠨᠠᠷᠲᠠᠶ ᠪᠠᠷ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ | 1. ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠠᠷᠢᠯᠭᠠᠬᠤ ᠪᠠᠨ ᠲᠦᠷᠭᠡᠳᠬᠡᠨ ᠠᠬᠢᠭᠤᠯᠤᠨ᠎ᠠ᠃ ᠡᠬᠡ | ᠨᠢᠯᠬ᠎ᠠ ᠶᠢᠨ ᠬᠠᠯᠳᠠᠪᠤᠷᠢᠯᠠᠭ᠎ᠠ ᠶᠢ ᠤᠷᠢᠳᠴᠢᠯᠠᠨ ᠰᠡᠷᠭᠡᠶᠢᠯᠡᠬᠦ ᠲᠠᠪᠤᠨ ᠱᠠᠲᠤᠨ ᠤ ᠬᠤᠯᠪᠣᠭᠠᠯᠠᠨ ᠬᠥᠳᠡᠯᠦᠯᠴᠡᠬᠦ | ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠵᠦ᠂ ᠬᠠᠯᠳᠠᠪᠤᠷᠢᠲᠤ ᠡᠪᠡᠳᠴᠢᠨ ᠤ ᠮᠡᠳᠡᠭᠡ ᠵᠠᠩᠭᠢ ᠶᠢ | ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠲᠤᠨᠨᠳᠠᠮᠠᠯ ᠪᠤᠰᠤ ᠣᠨᠴᠠᠭᠠᠶ ᠬᠡᠷᠡᠭ ᠢ ᠮᠦᠷᠳᠡᠵᠦ ᠲᠠᠭᠠᠨ | ᠤᠶᠢᠯᠠᠭᠠᠬᠤ ᠪᠠ ᠮᠡᠳᠡᠭᠡ ᠵᠠᠩᠭᠢ ᠶᠢ ᠵᠣᠯᠭᠠᠭᠤᠯᠬᠤ ᠲᠣᠭᠲᠠᠴᠠ ᠪᠠᠨ ᠪᠦᠷᠢᠨᠰᠢᠬᠦᠯᠦᠨ᠎ᠠ᠃ ︽ᠨᠢᠭᠡ | ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡᠨ ᠤ ᠬᠡᠪ ᠵᠠᠭᠪᠤᠷ ᠢ ᠲᠡᠭᠦᠯᠳᠡᠷᠵᠢᠭᠦᠯᠵᠦ᠂ ᠠᠶᠢᠽ ᠡᠪᠡᠳᠴᠢᠨ ᠳᠤ | ᠬᠠᠯᠳᠠᠪᠤᠷᠢᠯᠠᠭᠳᠠᠭᠰᠠᠨ ᠵᠢᠷᠮᠤᠰᠤᠯᠠᠵᠦ ᠭᠦᠩᠬᠡᠵᠢᠬᠦ ᠡᠮᠡᠭᠲᠡᠶ ᠵᠢᠴᠢ ᠭᠦᠩᠬᠡᠵᠢᠭᠰᠡᠨ ᠬᠡᠤᠬᠡᠳ ᠲᠤ ᠨᠢ ᠵᠢᠯᠤᠭᠤᠳᠤᠨ | ᠨᠦᠯᠦᠬᠡᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠤᠰᠬᠠᠶ ᠬᠡᠷᠡᠭ ᠤᠨ ᠬᠠᠮᠢᠶᠠᠷᠤᠯᠲᠠ ᠪᠠ | ᠵᠢᠷᠮᠦᠰᠦᠯᠡᠭᠰᠡᠨ ᠪᠠᠶᠢᠳᠠᠯ ᠢ ᠬᠢᠨᠠᠨ ᠰᠢᠨᠵᠢᠬᠦ ᠪᠠᠨ ᠴᠢᠩᠭᠠᠳᠬᠠᠵᠤ᠂ ᠡᠷᠲᠡ ᠠᠴᠠ ᠰᠢᠭᠰᠢᠨ ᠪᠠᠶᠢᠴᠠᠭᠠᠬᠤ᠂ | ᠡᠷᠲᠡ ᠠᠴᠠ ᠣᠨᠣᠰᠢᠯᠠᠬᠤ ᠦᠢᠯᠡᠴᠢᠯᠡᠭᠡᠨ ᠤ ᠴᠤᠪᠤᠷᠠᠯ ᠢ ᠲᠡᠭᠦᠯᠳᠡᠷᠵᠢᠭᠦᠯᠦᠨ᠂ ᠵᠢᠷᠮᠦᠰᠦᠨ ᠪᠠ ᠬᠦᠩᠭᠡᠵᠢᠭᠰᠡᠨ | ᠡᠮᠡᠭᠲᠡᠶ ᠶᠢ ᠪᠠᠶᠢᠴᠠᠭᠠᠨ ᠰᠢᠨᠵᠢᠵᠦ ᠣᠨᠣᠰᠢᠯᠠᠬᠤ ᠴᠠᠭ ᠢ ᠪᠣᠭᠤᠨᠢᠰᠬᠠᠨ᠎ᠠ᠃ | 2. ᠵᠠᠯᠠᠭᠤᠴᠤᠳ ᠪᠠᠭᠠᠴᠤᠳ ᠤᠨ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢ ᠶᠡᠭᠡ ᠪᠠᠷ | ᠠᠬᠢᠭᠤᠯᠤᠨ᠎ᠠ᠃ ᠰᠤᠷᠭᠠᠭᠤᠯᠢ ᠶᠢᠨ ᠠᠶᠢᠽ ᠡᠪᠡᠳᠴᠢᠨ ᠤ ᠬᠢᠵᠢᠭ ᠤᠨ ᠪᠠᠶᠢᠳᠠᠯ ᠤᠨ ᠰᠠᠯᠠᠭ᠎ᠠ ᠮᠥᠴᠢᠷ ᠤᠨ | ᠬᠤᠭᠤᠷᠤ ᠬᠤᠭᠤᠷᠣᠨᠳᠣ ᠪᠠᠨ ᠨᠡᠪᠲᠡᠷᠡᠭᠦᠯᠦᠨ ᠮᠡᠳᠡᠭᠡᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ | ᠲᠣᠭᠲᠠᠴᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠠᠬᠢ ᠠᠶᠢᠽ ᠡᠪᠡᠳᠴᠢᠨ ᠲᠠᠢ ᠲᠡᠮᠡᠴᠡᠬᠦ ᠪᠠ | ᠠᠶᠢᠽ ᠡᠪᠡᠳᠴᠢᠨ ᠢ ᠰᠡᠷᠭᠡᠶᠢᠯᠡᠬᠦ ᠠᠵᠢᠯᠯᠠᠭᠠᠨ ᠢ ᠠᠬᠢᠭᠤᠯᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢ | ᠰᠢᠮᠳᠠᠭᠤᠯᠤᠨ ᠵᠢᠯᠣᠭᠤᠳᠴᠤ ᠪᠠᠶᠢᠭᠠᠳ ᠠᠶᠢᠽ ᠡᠪᠡᠳᠴᠢᠨ ᠤ ᠰᠡᠷᠭᠡᠶᠢᠯᠡᠯᠲᠡ ᠶᠢ ᠰᠤᠷᠭᠠᠨ ᠬᠥᠮᠦᠵᠢᠯ ᠤᠨ | ᠲᠥᠯᠥᠪᠯᠡᠭᠡ ᠳᠤ ᠪᠠᠨ ᠣᠷᠣᠭᠤᠯᠵᠤ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠨᠤᠭᠤᠳ ᠰᠤᠷᠭᠠᠭᠤᠯᠢ ᠶᠢᠨ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ ᠠᠶᠢᠽ ᠡᠪᠡᠳᠴᠢᠨ ᠢ | ᠰᠡᠷᠭᠡᠶᠢᠯᠡᠨ ᠬᠤᠷᠢᠭᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠩ ᠤᠨ ᠳᠤᠮᠳᠠᠳᠤ ᠰᠤᠷᠭᠠᠭᠤᠯᠢ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠠᠶᠢᠽ ᠡᠪᠡᠳᠴᠢᠨ ᠢ ᠰᠡᠷᠭᠡᠶᠢᠯᠡᠨ ᠵᠠᠰᠠᠬᠤ | ᠮᠡᠳᠡᠯᠭᠡ ᠶᠢ ᠡᠷᠡᠭᠦᠯ ᠴᠢᠬᠢᠷᠠᠭ ᠤᠨ ᠬᠥᠮᠦᠵᠢᠯ ᠤᠨ ᠠᠭᠤᠯᠭ᠎ᠠ ᠳᠤ ᠪᠠᠨ ᠣᠷᠣᠭᠤᠯᠬᠤ ᠬᠡᠷᠡᠭᠲᠡᠶ᠃ ᠰᠤᠷᠭᠠᠭᠤᠯᠢ ᠶᠢᠨ | ᠡᠪᠯᠡᠯ ᠤᠨ ᠬᠤᠷᠢᠶ᠎ᠠ᠂ ᠨᠡᠶᠢᠬᠡᠮ ᠤᠨ ᠪᠦᠯᠬᠦᠮ ᠪᠠ ᠰᠠᠶᠢᠨ ᠲᠤᠷᠠᠴᠤᠤᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠰᠤᠷᠤᠭᠴᠢᠳ ᠤᠨ ᠬᠢᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ ᠶᠢᠨ | ᠤᠬᠠᠭᠤᠯᠭ᠎ᠠ ᠳᠤ ᠣᠷᠣᠯᠴᠠᠬᠤ ᠶᠢ ᠨᠢ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ | ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠮᠡᠷᠭᠡᠵᠢᠯ ᠤᠨ ᠳᠡᠮᠵᠢᠯᠭᠡ | ᠬᠠᠩᠭᠠᠨ᠎ᠠ᠃ ᠵᠠᠯᠠᠭᠤᠴᠤᠳ ᠪᠠᠭᠠᠴᠤᠳ ᠤᠨ ᠪᠡᠯᠭᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ | ᠰᠤᠷᠭᠠᠭᠤᠯᠢ ᠶᠢᠨ ᠭᠦᠷᠢᠶᠡᠨ ᠤ ᠪᠠ ᠭᠠᠳᠠᠨᠠᠬᠢ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠪᠣᠯᠪᠠᠰᠤᠨ ᠦᠢᠯᠡ | ᠠᠵᠢᠯᠯᠠᠭᠠᠨ ᠤ ᠳᠠᠳᠬᠠᠯ ᠲᠠᠢ ᠪᠣᠯᠬᠤ ᠶᠢ ᠨᠢ ᠠᠬᠢᠭᠤᠯᠵᠤ᠂ ᠲᠦᠭᠰᠢᠭᠦᠷᠢ ᠶᠢᠨ ᠤᠬᠠᠮᠰᠠᠷ ᠪᠠ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | 3. ᠢᠳᠡᠷ ᠦᠳᠡᠭᠦᠰ ᠤᠨ ᠥᠩᠭᠡᠨ ᠤ ᠡᠪᠡᠳᠴᠢᠨ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢ ᠢᠳᠡᠪᠬᠢᠲᠡᠶ | ᠠᠬᠢᠭᠤᠯᠤᠨ᠎ᠠ᠃ ᠦᠳᠡᠭᠦᠰ ᠤᠨ ᠥᠩᠭᠡᠨ ᠤ ᠡᠪᠡᠳᠴᠢᠨ ᠠᠶᠢᠽ ᠡᠪᠡᠳᠴᠢᠨ ᠤ ᠰᠡᠷᠭᠡᠶᠢᠯᠡᠯᠲᠡ ᠶᠢ ᠦᠳᠡᠭᠦᠰ ᠤᠨ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠦᠳᠡᠭᠦᠰ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ | ᠭᠠᠷᠠᠭ᠂ ᠦᠳᠡᠭᠦᠰ ᠤᠨ ᠰᠡᠳᠬᠢᠴᠡ ᠶᠢᠨ ᠬᠠᠶᠢᠷ᠎ᠠ ᠬᠠᠯᠠᠮᠵᠢ ᠵᠡᠷᠭᠡ ᠠᠵᠢᠯ ᠤᠨ ᠠᠭᠤᠯᠭ᠎ᠠ ᠳᠤ ᠣᠷᠣᠭᠤᠯᠵᠤ᠂ | ᠦᠳᠡᠭᠦᠰ ᠢ ᠬᠦᠨᠳᠦᠯᠡᠵᠦ ᠦᠳᠡᠭᠦᠰ ᠢ ᠬᠠᠶᠢᠷᠠᠯᠠᠬᠤ ᠠᠵᠢᠯᠯᠠᠭ᠎ᠠ ᠲᠠᠢ ᠤᠶᠠᠯᠳᠤᠭᠤᠯᠤᠨ ᠡᠷᠡᠭᠦᠯ ᠴᠢᠬᠢᠷᠠᠭ ᠤᠨ | ᠬᠦᠮᠦᠵᠢᠯ ᠢ ᠥᠷᠨᠢᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠳᠤ ᠲᠦᠰᠢᠭᠯᠡᠨ᠂ | ᠦᠳᠡᠭᠦᠰ ᠤᠨ ᠠᠶᠢᠽ ᠡᠪᠡᠳᠴᠢᠨ ᠤ ᠪᠠᠶᠢᠴᠠᠭᠠᠨ ᠰᠢᠨᠵᠢᠯᠲᠡ ᠶᠢ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠳᠤ | ᠣᠷᠣᠭᠤᠯᠵᠤ᠂ ᠣᠯᠠᠨ ᠡᠪᠡᠳᠴᠢᠨ ᠢ ᠬᠠᠮᠳᠤᠷᠠᠭᠤᠯᠤᠨ ᠪᠠᠶᠢᠴᠠᠭᠠᠬᠤ ᠶᠢ ᠬᠡᠷᠡᠭᠵᠢᠭᠦᠯᠦᠨ᠎ᠡ᠃ ᠦᠲᠡᠯᠦᠭᠰᠡᠨ | ᠬᠠᠯᠳᠠᠪᠤᠷᠢᠯᠠᠭᠳᠠᠭᠰᠠᠳ ᠲᠤ ᠨᠡᠶᠢᠭᠡᠮ ᠤᠨ ᠬᠠᠶᠢᠷ᠎ᠠ ᠬᠠᠯᠠᠮᠵᠢ ᠭᠦᠷᠲᠡᠬᠡᠬᠦ ᠪᠠᠨ ᠴᠢᠩᠭᠠᠳᠬᠠᠵᠤ᠂ ᠨᠡᠶᠢᠭᠡᠮ ᠤᠨ | ᠬᠦᠴᠦᠨ ᠪᠠ ᠰᠠᠶᠢᠨ ᠲᠤᠷᠠᠴᠤᠤᠯ ᠤᠨ ᠤᠷᠢᠳᠴᠢᠯᠠᠨ ᠰᠡᠷᠭᠡᠶᠢᠯᠡᠵᠦ ᠵᠢᠯᠤᠭᠤᠳᠤᠨ ᠨᠦᠯᠦᠬᠡᠯᠡᠬᠦ ᠠᠵᠢᠯ ᠳᠤ | ᠣᠷᠣᠯᠴᠠᠬᠤ ᠶᠢ ᠨᠢ ᠵᠣᠷᠢᠭᠵᠢᠭᠤᠯᠵᠤ᠂ ᠢᠳᠡᠷ ᠦᠳᠡᠭᠦᠰ ᠤᠨ ᠠᠮᠤᠷ ᠲᠦᠪᠰᠢᠨ ᠪᠤᠰᠤ ᠬᠤᠷᠢᠴᠠᠯ ᠤᠨ | ᠠᠵᠢᠯᠯᠠᠭ᠎ᠠ ᠶᠢ ᠪᠠᠭᠠᠰᠬᠠᠨ᠎ᠠ᠃ | ︵ᠲᠠᠪᠤ︶ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ ᠪᠠᠨ ᠴᠢᠩᠭᠠᠷᠠᠭᠤᠯᠵᠤ᠂ ᠭᠤᠣᠯᠳᠠᠯᠭ᠎ᠠ ᠲᠠᠢ | ᠭᠠᠵᠠᠷ ᠣᠷᠣᠨ ᠤ ᠰᠡᠷᠭᠡᠶᠢᠯᠡᠨ ᠵᠠᠰᠠᠬᠤ ᠠᠵᠢᠯ ᠢ ᠠᠬᠢᠭᠤᠯᠤᠨ᠎ᠠ | 1. ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠴᠦ ᠬᠥᠲᠥᠯᠦᠨ ᠳᠠᠭᠠᠭᠤᠯᠬᠤ ᠦᠢᠯᠡᠳᠦᠯ ᠢ | ᠪᠠᠳᠠᠷᠠᠭᠤᠯᠤᠨ᠎ᠠ᠃ ᠡᠯ᠎ᠡ ᠵᠢᠱᠢᠶ᠎ᠡ ᠦᠵᠡᠭᠦᠯᠬᠦ ᠣᠷᠣᠨ ᠨᠢ ᠠᠶᠢᠽ ᠡᠪᠡᠳᠴᠢᠨ ᠤ ᠪᠡᠯᠭᠡ ᠪᠠᠷ ᠳᠠᠮᠵᠢᠨ | ᠬᠠᠯᠳᠠᠪᠤᠷᠢᠯᠠᠬᠤ ᠶᠢ ᠬᠤᠷᠢᠭᠯᠠᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠷᠡᠭᠲᠡᠶ ᠶᠢᠨ ᠢᠵᠢᠯ | ᠭᠦᠢᠰᠦᠳᠡᠨ ᠤ ᠬᠤᠭᠤᠷᠤᠨᠳᠤᠬᠢ ᠬᠤᠷᠢᠴᠠᠯ ᠤᠨ ᠠᠵᠢᠯᠯᠠᠭ᠎ᠠ ᠲᠠᠢ ᠭᠦᠮᠦᠰ ᠵᠡᠷᠭᠡ ᠭᠤᠤᠯᠳᠠᠯᠭ᠎ᠠ ᠲᠠᠢ ᠬᠥᠮᠦᠰ ᠢ | ᠰᠡᠷᠭᠡᠶᠢᠯᠡᠨ ᠵᠠᠰᠠᠬᠤ᠂ ᠣᠨᠣᠰᠢᠯᠠᠵᠤ ᠢᠯᠡᠷᠡᠭᠦᠯᠬᠦ ᠶᠢ ᠬᠦᠯᠢᠶᠡᠰᠦᠯᠡᠵᠦ ᠪᠠᠶᠢᠭ᠎ᠠ ᠵᠡᠷᠭᠡ ᠭᠤᠤᠯᠳᠠᠯᠭ᠎ᠠ ᠶᠢᠨ | ᠭᠤᠭᠴᠣᠭᠠᠨ ᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠤᠶᠠᠯᠳᠤᠭᠤᠯᠤᠨ ᠣᠯᠠᠨ ᠡᠪᠡᠳᠴᠢᠨ ᠢ ᠬᠠᠮᠲᠤ ᠳᠤ ᠨᠢ ᠰᠡᠷᠭᠡᠶᠢᠯᠡᠬᠦ ᠶᠢ ᠠᠬᠢᠭᠤᠯᠵᠤ᠂ ᠠᠳᠠᠯᠢ ᠪᠤᠰᠤ | ᠦᠷᠪᠢᠰᠦᠨ ᠳᠡᠯᠭᠡᠷᠡᠬᠦ ᠬᠢᠷᠢ ᠬᠡᠮᠵᠢᠶ᠎ᠡ᠂ ᠠᠳᠠᠯᠢ ᠪᠤᠰᠤ ᠲᠠᠷᠬᠠᠭᠠᠯᠲᠠ ᠶᠢᠨ ᠣᠨᠴᠠᠯᠢᠭ ᠲᠤ ᠬᠠᠨᠳᠤᠭᠤᠯᠤᠭᠰᠠᠨ | ᠠᠵᠢᠯ ᠤᠨ ᠠᠷᠭ᠎ᠠ ᠵᠠᠮ ᠢ ᠰᠦᠪᠡᠭᠴᠢᠯᠡᠵᠦ᠂ ᠥᠪᠡᠷᠮᠢᠴᠡ ᠣᠨᠴᠠᠯᠢᠭ ᠲᠠᠢ᠂ ᠳᠠᠭᠤᠷᠢᠶᠠᠵᠤ ᠪᠣᠯᠬᠤ ᠪᠠ | ᠳᠡᠯᠭᠡᠷᠡᠭᠦᠯᠵᠦ ᠪᠣᠯᠬᠤᠶᠢᠴᠠ ᠰᠡᠷᠭᠡᠶᠢᠯᠡᠨ ᠬᠤᠷᠢᠭᠯᠠᠬᠤ ᠬᠡᠪ ᠵᠠᠭᠪᠤᠷ ᠢ ᠪᠣᠶ ᠪᠣᠯᠭᠠᠨ᠎ᠠ᠃ | 2. ᠭᠤᠣᠯᠳᠠᠯᠭ᠎ᠠ ᠲᠠᠢ ᠭᠠᠵᠠᠷ ᠣᠷᠣᠨ ᠢ ᠰᠡᠷᠭᠡᠶᠢᠯᠡᠨ ᠵᠠᠰᠠᠬᠤ ᠠᠵᠢᠯ ᠢᠶᠠᠨ ᠴᠢᠩᠭᠠᠳᠬᠠᠨ᠎ᠠ᠃ | ᠭᠤᠤᠯᠳᠠᠯᠭ᠎ᠠ ᠲᠠᠢ ᠭᠠᠵᠠᠷ ᠣᠷᠣᠨ ᠢ ᠮᠠᠭᠠᠳᠯᠠᠨ ᠲᠤᠨᠨᠲᠠᠭᠠᠬᠤ ᠪᠠᠷᠢᠮᠵᠢᠶ᠎ᠠ ᠪᠠᠨ ᠰᠤᠳᠤᠯᠤᠨ ᠲᠡᠭᠦᠯᠳᠡᠷᠵᠢᠭᠦᠯᠵᠦ᠂ | ᠲᠣᠭᠲᠠᠮᠠᠯ ᠬᠤᠭᠤᠴᠠᠭ᠎ᠠ ᠲᠠᠢ ᠪᠠᠷ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠠᠶᠢᠽ ᠡᠪᠡᠳᠴᠢᠨ ᠢ | ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠭᠠᠵᠠᠷ ᠣᠷᠣᠨ ᠳᠤ ᠬᠥᠳᠡᠯᠦᠩᠭᠦᠶ ᠪᠠᠷ ᠲᠣᠬᠢᠷᠠᠭᠤᠯᠤᠯᠲᠠ | ᠬᠢᠨ᠎ᠡ᠃ ᠭᠤᠤᠯᠳᠠᠯᠭ᠎ᠠ ᠲᠠᠢ ᠭᠠᠵᠠᠷ ᠣᠷᠣᠨ ᠢᠶᠠᠷ ᠲᠣᠭᠲᠠᠭᠠᠭᠰᠠᠨ ᠠᠶᠢᠮᠠᠭ ᠬᠤᠲᠠ ᠪᠠ ᠬᠤᠰᠢᠭᠤ ᠰᠢᠶᠠᠨ | ︵ᠬᠤᠲᠠ᠂ ᠲᠣᠭᠤᠷᠢᠭ︶ ᠨᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ︽ᠨᠢᠭᠡ ᠭᠠᠵᠠᠷ ᠣᠷᠣᠨ ᠳᠤ | ᠨᠢᠭᠡ ᠲᠦᠰᠦᠯ︾ ᠠᠪᠴᠤ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠦ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠪᠠ | ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠷᠠᠭᠤᠯᠵᠤ᠂ ᠶᠡᠷᠦᠩᠬᠡᠶᠢᠯᠡᠨ ᠵᠢᠯᠣᠭᠤᠳᠴᠤ ᠨᠥᠯᠥᠭᠡᠯᠡᠬᠦ᠂ | ᠪᠠᠶᠢᠴᠠᠭᠠᠨ ᠰᠢᠨᠵᠢᠵᠦ ᠡᠮᠨᠡᠨ ᠵᠠᠰᠠᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠵᠡᠷᠭᠡ ᠠᠵᠢᠯ ᠢ | ᠬᠠᠮᠲᠤᠷᠠᠨ ᠥᠷᠨᠢᠭᠦᠯᠦᠨ᠎ᠡ᠃ ᠬᠢᠯᠢ ᠶᠢᠨ ᠪᠣᠭᠤᠮᠲᠠ ᠶᠢᠨ ᠭᠠᠵᠠᠷ ᠣᠷᠣᠨ ᠨᠤᠭᠤᠳ ᠬᠥᠷᠰᠢ ᠵᠡᠷᠭᠡᠯᠡᠳᠡᠭᠡ ᠤᠯᠤᠰ | ᠪᠠ ᠭᠠᠵᠠᠷ ᠣᠷᠣᠨ ᠤ ᠪᠠᠨ ᠠᠶᠢᠽ ᠡᠪᠡᠳᠴᠢᠨ ᠤ ᠬᠢᠵᠢᠭ ᠤᠨ ᠪᠠᠶᠢᠳᠠᠯ ᠤᠨ ᠠᠬᠢᠴᠠ ᠶᠢ ᠴᠠᠭ ᠲᠤᠬᠠᠶ ᠳᠤ ᠨᠢ | ᠣᠶᠢᠯᠠᠭᠠᠵᠤ᠂ ᠬᠠᠨᠳᠤᠯᠭᠠᠲᠤ ᠴᠢᠨᠠᠷᠲᠠᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃ | ︵ᠵᠢᠷᠭᠤᠭ᠎ᠠ︶ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠡᠷᠭᠡᠶᠢᠯᠡᠨ ᠵᠠᠰᠠᠬᠤ ᠦᠷ᠎ᠡ | ᠪᠦᠲᠦᠭᠡᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ | 1. ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠱᠠᠯᠢᠭ ᠵᠠᠪᠬᠠᠢ | ᠵᠦᠢᠯ ᠳᠤ ᠬᠤᠯᠪᠤᠨᠨᠳᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠠᠶᠢᠽ ᠡᠪᠡᠳᠴᠢᠨ ᠤ ᠲᠠᠷᠬᠠᠭᠠᠯᠲᠠ ᠳᠤ ᠬᠤᠯᠪᠤᠨᠨᠳ᠋ᠬᠠᠰᠠᠨ ᠠᠶᠤᠯᠲᠠᠶ ᠦᠢᠯᠡ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ ᠰᠢᠢᠳᠪᠦᠷᠢᠯᠡᠨ᠂ ᠠᠶᠢᠽ ᠡᠪᠡᠳᠴᠢᠨ ᠢ ᠵᠣᠷᠢᠭᠤᠳᠠ ᠲᠠᠷᠬᠠᠭᠠᠭᠰᠠᠨ ᠰᠡᠵᠢᠭᠯᠡᠯᠲᠡᠶ ᠬᠡᠷᠡᠭ ᠢ ᠴᠠᠭ | ᠲᠤᠬᠠᠶ ᠳᠤ ᠨᠢ ᠬᠠᠤᠯᠢ ᠶᠣᠰᠣᠭᠠᠷ ᠬᠡᠷᠡᠭ ᠪᠣᠯᠭᠠᠨ ᠲᠠᠩᠰᠠᠯᠠᠵᠤ ᠲᠤᠷᠰᠢᠨ ᠪᠠᠶᠢᠴᠠᠭᠠᠨ᠎ᠠ᠃ ᠪᠠᠷᠢᠪᠴᠢᠯᠠᠭᠰᠠᠨ | ᠶᠠᠩᠬᠠᠯᠠᠬᠤ ᠪᠠ ᠶᠠᠩᠬᠠᠨ ᠳᠤ ᠣᠷᠣᠬᠤ᠂ ᠣᠯᠠᠭᠤᠯᠠ ᠨᠡᠶᠢᠯᠡᠵᠦ ᠰᠠᠳᠤᠷᠯᠠᠵᠤ ᠵᠠᠪᠬᠠᠶᠢᠷᠠᠬᠤ᠂ ᠬᠤᠤᠷ ᠲᠠᠲᠠᠬᠤ ᠪᠠ | ᠬᠤᠣᠷᠲᠤ ᠡᠳ᠋ ᠫᠠᠨᠽᠠᠯᠠᠬᠤ ᠬᠥᠮᠦᠰ ᠲᠤ ᠴᠥᠮ ᠠᠶᠢᠽ ᠡᠪᠡᠳᠴᠢᠨ ᠤ ᠪᠠᠶᠢᠴᠠᠭᠠᠨ ᠰᠢᠨᠵᠢᠯᠲᠡ ᠬᠢᠵᠦ᠂ | ᠬᠠᠯᠳᠠᠪᠤᠷᠢᠯᠠᠭᠰᠠᠳ ᠢ ᠭᠤᠤᠯᠳᠠᠯᠭ᠎ᠠ ᠲᠠᠢ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ ᠸᠢᠷᠦ᠋ᠰ ᠢ | ᠡᠰᠡᠷᠭᠦᠴᠡᠬᠦ ᠡᠮᠨᠡᠯᠬᠡ ᠵᠠᠰᠠᠯᠭ᠎ᠠ ᠬᠢᠬᠦ ᠬᠡᠷᠡᠭᠲᠡᠶ᠃ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠰᠦᠯᠵᠢᠶᠡᠨ ᠤ | ᠲᠠᠪᠴᠠᠩ ᠪᠠ ᠨᠡᠶᠢᠭᠡᠮ ᠤᠨ ᠬᠠᠷᠢᠯᠴᠠᠭᠠᠨ ᠤ ᠵᠥᠭᠡᠯᠡᠨ ᠬᠡᠷᠡᠭᠰᠡᠯ ᠲᠠᠬᠢ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠬᠠᠮᠢᠶ᠎ᠠ ᠪᠥᠬᠦᠶ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠪᠡᠳᠴᠢᠨ ᠡᠮᠭᠡᠭ ᠢ ᠰᠡᠷᠭᠡᠶᠢᠯᠡᠨ | ᠬᠤᠷᠢᠭᠯᠠᠬᠤ ᠰᠠᠯᠠᠭ᠎ᠠ ᠮᠥᠴᠢᠷ ᠲᠠᠢ ᠬᠠᠮᠵᠢᠯᠴᠠᠨ ᠲᠦᠭᠰᠢᠭᠦᠷᠢ ᠶᠢᠨ ᠰᠠᠨᠠᠭᠤᠯᠤᠮᠵᠢ ᠶᠢᠨ ᠮᠡᠳᠡᠭᠡ ᠵᠠᠩᠭᠢ ᠶᠢ | ᠨᠡᠶᠢᠲᠡᠯᠡᠨ᠎ᠡ᠃ ᠬᠠᠤᠯᠢ ᠪᠤᠰᠤ ᠪᠠᠷ ᠴᠢᠰᠤ ᠠᠪᠴᠤ ᠴᠢᠰᠤ ᠬᠠᠩᠭᠠᠬᠤ ᠪᠠ ᠪᠤᠰᠤᠳ ᠢ ᠵᠣᠬᠢᠶᠠᠨ ᠪᠠᠶᠢᠭᠤᠯᠵᠤ ᠴᠢᠰᠤ | ᠬᠤᠳᠠᠯᠳᠤᠭᠠᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠪᠠᠷ ᠡᠮᠴᠢᠯᠡᠬᠦ ᠠᠵᠢᠯᠯᠠᠭ᠎ᠠ ᠳᠤ | ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ | 2. ᠬᠢᠨᠠᠨ ᠬᠠᠮᠢᠶᠠᠷᠴᠤ ᠪᠠᠶᠢᠭ᠎ᠠ ᠲᠠᠯᠠᠪᠤᠷ ᠭᠠᠵᠠᠷ ᠲᠠᠬᠢ ᠠᠶᠢᠽ ᠡᠪᠡᠳᠴᠢᠨ ᠤ ᠰᠡᠷᠭᠡᠶᠢᠯᠡᠨ ᠵᠠᠰᠠᠯᠲᠠ ᠶᠢ | ᠴᠢᠩᠭᠠᠷᠠᠭᠤᠯᠤᠨ᠎ᠠ᠃ ᠬᠢᠨᠠᠨ ᠬᠠᠮᠢᠶᠠᠷᠤᠭᠳᠠᠵᠤ ᠪᠠᠶᠢᠭ᠎ᠠ ᠬᠥᠮᠦᠰ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ | ᠤᠬᠠᠭᠤᠯᠭ᠎ᠠ ᠬᠥᠮᠦᠵᠢᠯ ᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠪᠠᠶᠢᠭ᠎ᠠ ᠲᠠᠯᠠᠪᠤᠷ ᠭᠠᠵᠠᠷ ᠤᠨ ᠬᠢᠨ ᠬᠢᠨᠠᠨ | ᠬᠠᠮᠢᠶᠠᠷᠬᠤ ᠬᠤᠭᠤᠴᠠᠭ᠎ᠠ ᠨᠢ ᠭᠤᠷᠪᠠᠨ ᠰᠠᠷ᠎ᠠ ᠠᠴᠠ ᠳᠡᠭᠡᠭᠰᠢ ᠪᠤᠶᠤ ᠬᠢᠨᠠᠨ ᠬᠠᠮᠢᠶᠠᠷᠤᠭᠳᠠᠬᠤ ᠠᠴᠠ ᠪᠠᠨ ᠡᠮᠦᠨ᠎ᠡ | ᠶᠠᠩᠬᠠᠯᠬᠠᠰᠠᠨ ᠪᠠ ᠶᠠᠩᠬᠠᠨ ᠳᠤ ᠤᠷᠤᠨᠨᠰᠠᠨ᠂ ᠬᠤᠤᠷ ᠳᠠᠳ᠋ᠬᠠᠰᠠᠨ ᠵᠡᠷᠭᠡ ᠦᠢᠯᠡ ᠠᠵᠢᠯᠯᠠᠭ᠎ᠠ ᠲᠠᠢ ᠬᠢᠨᠠᠨ | ᠬᠠᠮᠢᠶᠠᠷᠤᠭᠳᠠᠵᠤ ᠪᠠᠶᠢᠭ᠎ᠠ ᠬᠥᠮᠦᠰ ᠲᠤ ᠴᠥᠮ ᠠᠶᠢᠽ ᠡᠪᠡᠳᠴᠢᠨ ᠤ ᠸᠢᠷᠦ᠋ᠰ ᠤᠨ ᠠᠨᠲ᠋ᠢᠪᠣᠳ ᠤᠨ ᠪᠠᠶᠢᠴᠠᠭᠠᠨ | ᠰᠢᠨᠵᠢᠯᠲᠡ ᠬᠢᠵᠦ᠂ ᠬᠠᠯᠳᠠᠪᠤᠷᠢᠯᠠᠭᠰᠠᠳ ᠢ ᠭᠤᠤᠯᠳᠠᠯᠭ᠎ᠠ ᠲᠠᠢ ᠬᠠᠮᠢᠶᠠᠷᠬᠤ ᠬᠡᠪᠴᠢᠶᠡᠨ ᠳᠤ ᠣᠷᠣᠭᠤᠯᠬᠤ ᠶᠢᠨ | ᠬᠠᠮᠲᠤ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠥᠷᠨᠢᠭᠦᠯᠬᠦ ᠬᠡᠷᠡᠭᠲᠡᠶ᠃ ᠬᠢᠨᠠᠨ ᠬᠠᠮᠢᠶᠠᠷᠴᠤ ᠪᠠᠶᠢᠭ᠎ᠠ ᠲᠠᠯᠠᠪᠤᠷ | ᠭᠠᠵᠠᠷ ᠨᠢ ᠣᠷᠣᠨ ᠨᠤᠲᠤᠭ ᠤᠨ ᠡᠪᠡᠳᠴᠢᠨ ᠡᠮᠭᠡᠭ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠯᠤᠭ᠎ᠠ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠵᠤ᠂ ᠪᠠᠶᠢᠴᠠᠭᠠᠬᠤ ᠶᠣᠰᠣᠲᠠᠶ ᠪᠦᠬᠦᠨ ᠢ ᠪᠠᠶᠢᠴᠠᠭᠠᠬᠤ ᠶᠢ ᠪᠡᠶᠡᠯᠡᠭᠦᠯᠬᠦ | ᠬᠡᠷᠡᠭᠲᠡᠶ᠃ ᠬᠢᠨᠠᠨ ᠬᠠᠮᠢᠶᠠᠷᠤᠯᠲᠠ ᠠᠴᠠ ᠲᠠᠶᠢᠯᠤᠭᠳᠠᠵᠤ ᠲᠠᠯᠠᠪᠤᠷ ᠭᠠᠵᠠᠷ ᠠᠴᠠ ᠭᠠᠷᠤᠭᠰᠠᠨ ᠬᠥᠮᠦᠰ ᠲᠤ ᠴᠠᠭ | ᠲᠤᠬᠠᠶ ᠳᠤ ᠨᠢ ᠭᠠᠵᠠᠷ ᠰᠢᠯᠵᠢᠬᠦᠯᠵᠦ ᠡᠮᠨᠡᠨ ᠵᠠᠰᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | 3. ᠬᠤᠣᠷᠲᠤ ᠡᠳ᠋ ᠢ ᠴᠠᠭᠠᠵᠠᠯᠠᠵᠤ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢᠶᠠᠨ ᠦᠷᠭᠦᠯᠵᠢᠯᠡᠨ | ᠴᠢᠩᠭᠠᠳᠬᠠᠨ᠎ᠠ᠃ ᠬᠤᠤᠷᠲᠤ ᠡᠳ᠋ ᠴᠠᠭᠠᠵᠠᠯᠠᠬᠤ ᠠᠵᠢᠯ ᠢ ᠠᠶᠢᠽ ᠡᠪᠡᠳᠴᠢᠨ ᠰᠡᠷᠭᠡᠶᠢᠯᠡᠨ ᠵᠠᠰᠠᠬᠤ ᠯᠤᠭ᠎ᠠ ᠨᠢᠭᠲᠠ | ᠤᠶᠠᠯᠳᠤᠭᠤᠯᠵᠤ᠂ ᠬᠤᠤᠷᠲᠤ ᠡᠳ᠋ ᠠᠷᠠᠯᠵᠢᠶᠠᠯᠠᠬᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠰᠦᠯᠵᠢᠶᠡᠨ ᠤ | ᠲᠠᠪᠴᠠᠩ ᠪᠠ ᠬᠤᠪᠢ ᠬᠥᠮᠦᠨ ᠢ ᠴᠠᠭ ᠲᠤᠬᠠᠶ ᠳᠤ ᠨᠢ ᠢᠯᠭᠠᠷᠠᠭᠤᠯᠵᠤ ᠴᠣᠬᠢᠯᠲᠠ ᠥᠭᠭᠦᠨ᠎ᠡ᠃ ᠡᠮ ᠲᠠᠩ ᠢ | ᠳᠤᠷ᠎ᠠ ᠪᠠᠷ ᠬᠡᠷᠡᠭᠯᠡᠬᠦ ᠶᠢ ᠬᠢᠨᠠᠨ ᠰᠢᠨᠵᠢᠬᠦ᠂ ᠣᠨᠴᠠᠭᠠᠶᠢᠯᠠᠨ ᠤᠯᠠᠨ ᠤᠯᠤᠰ ᠤᠨ ᠮᠢᠨᠴᠦᠭᠦᠷᠡᠬᠦᠯᠬᠦ ᠡᠮ ᠤᠨ | ᠵᠦᠢᠯ ᠤᠨ ᠵᠠᠬᠢᠷᠤᠨ ᠬᠠᠮᠢᠶᠠᠷᠬᠤ ᠨᠡᠶᠢᠳᠡ ᠶᠢᠨ ᠭᠡᠷ᠎ᠡ ᠳᠤ ᠵᠢᠨᠨᠰᠠᠭᠠᠨ ᠤᠷᠤᠭᠤᠯᠤᠨᠨᠰᠠᠨ ᠦᠬᠡᠢ ᠣᠷᠣᠯᠠᠬᠤ | ᠪᠣᠳᠠᠰ ᠲᠠᠬᠢ ᠬᠢᠨᠠᠨ ᠰᠢᠨᠵᠢᠯᠲᠡ ᠪᠠᠨ ᠦᠷᠭᠦᠯᠵᠢᠯᠡᠨ ᠰᠠᠶᠢᠲᠤᠷ ᠬᠢᠵᠦ᠂ ᠮᠢᠨᠴᠦᠭᠦᠷᠡᠭᠦᠯᠬᠦ ᠡᠮ ᠤᠨ ᠵᠦᠢᠯ ᠪᠠ | ᠮᠡᠳᠡᠷᠡᠯ ᠤᠨ ᠡᠮ ᠤᠨ ᠵᠦᠢᠯ ᠢ ᠬᠢᠨᠠᠨ ᠡᠵᠡᠮᠳᠡᠬᠦ ᠬᠡᠪᠴᠢᠶ᠎ᠡ ᠳᠤ ᠴᠠᠭ ᠲᠤᠬᠠᠶ ᠳᠤ ᠨᠢ ᠲᠤᠬᠢᠷᠠᠭᠤᠯᠤᠯᠳᠠ ᠬᠢᠵᠦ᠂ | ᠳᠤᠷ᠎ᠠ ᠪᠠᠷ ᠭᠡᠷᠡᠭᠯᠡᠭᠳᠡᠵᠦ ᠪᠠᠶᠢᠭ᠎ᠠ ᠪᠣᠳᠠᠰ ᠪᠠ ᠬᠠᠤᠯᠢ ᠪᠤᠰᠤ ᠪᠠᠷ ᠲᠠᠴᠢᠶᠠᠯ ᠬᠦᠳᠡᠯᠭᠡᠬᠦ ᠡᠮ ᠦᠢᠯᠡᠳᠪᠦᠷᠢᠯᠡᠬᠦ ᠪᠠ | ᠭᠦᠢᠯᠬᠡᠬᠡᠬᠦ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠶ᠃ ᠬᠤᠤᠷ ᠡᠳ᠋ᠯᠡᠬᠦ ᠶᠢ ᠵᠣᠭᠰᠣᠭᠠᠬᠤ ᠡᠮ ᠵᠠᠷᠤᠵᠦ | ᠦᠷᠭᠦᠯᠵᠢᠯᠡᠨ ᠡᠮᠨᠡᠬᠦ ᠵᠠᠰᠠᠯᠲᠠ ᠶᠢ ᠬᠤᠤᠷ ᠳᠠᠳ᠋ᠬᠠᠴᠢ ᠶᠢ ᠡᠮᠨᠡᠨ ᠵᠠᠰᠠᠵᠤ ᠵᠣᠭᠰᠣᠭᠠᠬᠤ ᠴᠢᠬᠤᠯᠠ ᠠᠷᠭ᠎ᠠ ᠬᠡᠮᠵᠢᠶ᠎ᠡ | ᠪᠣᠯᠭᠠᠵᠤ᠂ ᠬᠤᠤᠷ ᠡᠳ᠋ᠯᠡᠬᠦ ᠶᠢ ᠵᠣᠭᠰᠣᠭᠠᠬᠤ ᠡᠮ ᠵᠠᠷᠤᠵᠦ ᠦᠷᠭᠦᠯᠵᠢᠯᠡᠨ ᠡᠮᠨᠡᠨ ᠵᠠᠰᠠᠬᠤ ᠡᠮᠴᠢᠯᠡᠭᠡᠨ ᠤ ᠡᠭᠦᠳᠡᠨ | ᠡᠮᠨᠡᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠡᠶᠢᠭᠡᠮ ᠲᠣᠭᠤᠷᠢᠭ ᠠᠴᠠ ᠬᠤᠤᠷ ᠡᠳ᠋ᠯᠡᠬᠦ ᠶᠢ | ᠵᠣᠭᠰᠣᠭᠠᠬᠤ᠂ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠡᠳ᠋ᠯᠡᠬᠦ ᠶᠢ ᠵᠣᠭᠰᠣᠭᠠᠬᠤ᠂ ᠨᠡᠶᠢᠭᠡᠮ ᠲᠣᠭᠤᠷᠢᠭ ᠠᠴᠠ | ᠡᠷᠡᠭᠦᠯᠵᠢᠭᠦᠯᠬᠦ ᠶᠢ ᠬᠤᠤᠷ ᠡᠳ᠋ᠯᠡᠬᠦ ᠶᠢ ᠵᠣᠭᠰᠣᠭᠠᠬᠤ ᠡᠮ ᠢᠶᠠᠷ ᠦᠷᠭᠦᠯᠵᠢᠯᠡᠨ ᠡᠮᠨᠡᠬᠦ ᠵᠠᠰᠠᠯᠲᠠ ᠲᠠᠢ | ᠵᠤᠯᠭᠠᠯᠳᠤᠭᠤᠯᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠲᠣᠭᠲᠠᠴᠠ ᠪᠠᠨ ᠪᠦᠷᠢᠨᠰᠢᠭᠦᠯᠦᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ | ᠨᠡᠶᠢᠭᠡᠮ ᠨᠡᠶᠢᠳᠡ ᠶᠢ ᠳᠠᠶᠢᠴᠢᠯᠠᠭᠰᠠᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ | ᠪᠦᠷᠢᠨᠰᠢᠬᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ | ᠦᠢᠯᠡᠳᠦᠯ ᠢ ᠪᠠᠳᠠᠷᠠᠭᠤᠯᠤᠨ᠂ ︽ᠡᠮᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ︾ ᠶᠢᠨ ᠵᠣᠬᠢᠴᠠᠯᠳᠤᠨ | ᠬᠥᠭᠵᠢᠬᠦ ᠶᠢ ᠴᠢᠩᠭᠠᠷᠠᠭᠤᠯᠵᠤ᠂ ᠰᠡᠷᠭᠡᠶᠢᠯᠡᠨ ᠵᠠᠰᠠᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠠᠶᠢᠽ | ᠡᠪᠡᠳᠴᠢᠨ ᠢ ᠰᠡᠷᠭᠡᠶᠢᠯᠡᠨ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠡᠷᠭᠡᠶᠢᠯᠡᠨ ᠵᠠᠰᠠᠬᠤ ᠲᠤᠰᠬᠠᠶ | ᠮᠡᠷᠭᠡᠵᠢᠯ ᠤᠨ ᠠᠵᠢᠯᠳᠠᠨ ᠢ ᠭᠦᠢᠴᠡᠳ ᠲᠣᠬᠢᠷᠠᠭᠤᠯᠬᠤ ᠪᠦᠬᠡᠳ ᠰᠢᠯᠢᠳᠡᠭ ᠢ ᠨᠢ ᠲᠣᠬᠢᠷᠠᠭᠤᠯᠵᠤ᠂ ᠰᠡᠷᠭᠡᠶᠢᠯᠡᠨ | ᠵᠠᠰᠠᠬᠤ ᠠᠵᠢᠯᠳᠠᠨ ᠢ ᠢᠯᠡᠭᠦᠬᠡᠨ ᠬᠠᠯᠠᠮᠵᠢᠯᠠᠨ ᠬᠠᠶᠢᠷᠠᠯᠠᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠰᠡᠷᠭᠡᠶᠢᠯᠡᠨ ᠵᠠᠰᠠᠬᠤ ᠲᠠᠢ ᠬᠠᠮᠢᠶᠠᠳᠠᠭᠰᠠᠨ ᠣᠷᠣᠭᠤᠯᠤᠯᠲᠠ ᠶᠢᠨ | ᠲᠥᠷᠥ ᠶᠢᠨ ᠪᠤᠳᠤᠯᠭ᠎ᠠ ᠵᠢᠴᠢ ᠡᠷᠡᠭᠦᠯ ᠬᠠᠮᠠᠭᠠᠯᠠᠯ ᠬᠢᠵᠢᠭ ᠤᠨ ᠰᠡᠷᠭᠡᠶᠢᠯᠡᠯᠲᠡ ᠶᠢᠨ ᠨᠡᠮᠡᠯᠭᠡ ᠨᠡᠮᠡᠭᠦᠷᠢ ᠵᠡᠷᠭᠡ | ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ | ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ | ᠶᠡᠭᠡ ᠲᠤᠰᠬᠠᠶ ᠵᠦᠢᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠲᠥᠷᠥᠯ ᠵᠦᠢᠯ | ᠵᠡᠷᠭᠡ ᠲᠠᠢ ᠤᠶᠠᠯᠳᠤᠭᠤᠯᠤᠨ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠭᠤᠤᠯᠯᠠᠬᠤ ᠮᠡᠷᠭᠡᠵᠢᠯ ᠪᠠ | ᠵᠠᠩᠭᠢᠯᠠᠭ᠎ᠠ ᠶᠢᠨ ᠠᠷᠭ᠎ᠠ ᠪᠣᠳᠣᠯᠭ᠎ᠠ ᠶᠢᠨ ᠰᠤᠳᠤᠯᠭᠠᠨ ᠥᠷᠨᠢᠭᠦᠯᠬᠦ ᠶᠢ ᠳᠡᠮᠵᠢᠵᠦ᠂ ᠦᠷ᠎ᠡ ᠪᠦᠲᠦᠭᠡᠯ ᠢ | ᠤᠯᠠᠷᠢᠭᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ | ᠳᠥᠷᠪᠡ᠂ ᠵᠢᠭᠠᠨ ᠵᠢᠯᠣᠭᠤᠳᠤᠯᠭ᠎ᠠ ᠪᠠ ᠦᠨᠡᠯᠡᠨ ᠵᠢᠱᠢᠯᠲᠡ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ | ᠰᠡᠷᠭᠡᠶᠢᠯᠡᠨ ᠬᠤᠷᠢᠭᠯᠠᠬᠤ ᠲᠣᠪᠴᠢᠶ᠎ᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠢᠽ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠤᠨ ᠺᠣᠮᠢᠰ ᠤᠨ ᠠᠯᠪᠠᠨ ᠬᠡᠷ ᠤᠨ ᠱᠠᠭᠠᠷᠳᠠᠯᠭ᠎ᠠ ᠶᠣᠰᠣᠭᠠᠷ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠴᠠᠭᠠᠨ ᠰᠤᠳᠤᠯᠤᠯᠲᠠ ᠪᠠ ᠵᠢᠯᠣᠭᠤᠳᠣᠯᠭ᠎ᠠ ᠥᠷᠨᠢᠭᠦᠯᠵᠦ᠂ ᠱᠠᠳᠤᠴᠢ ᠴᠢᠨᠠᠷᠲᠠᠶ ᠦᠨᠡᠯᠡᠨ | ᠵᠢᠱᠢᠯᠲᠡ ᠪᠠ ᠰᠡᠭᠦᠯᠴᠢ ᠶᠢᠨ ᠬᠤᠭᠤᠴᠠᠭᠠᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ | ᠣᠷᠣᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠬᠢᠴᠠ ᠪᠠ ᠦᠷ᠎ᠡ | ᠪᠦᠲᠦᠭᠡᠮᠵᠢ ᠶᠢ ᠵᠢᠯᠣᠭᠤᠳᠴᠤ ᠦᠨᠡᠯᠡᠨ ᠵᠢᠰᠢᠵᠦ᠂ ᠲᠤᠰ ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢᠨ | ᠲᠤᠭᠤᠰᠢᠯᠠᠭᠳᠠᠨ ᠨᠠᠶᠢᠳᠠᠪᠤᠷᠢᠵᠢᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ | |