4 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠦᠬᠠᠢ ᠬᠤᠲᠠ ᠳᠤ 2025 ᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠭᠤᠣᠯᠳᠠᠯᠭ᠎ᠠ ᠲᠠᠢ | ᠠᠵᠢᠯ ᠢ ᠪᠠᠶᠢᠷᠢᠯᠠᠭᠤᠯᠬᠤ ᠵᠢᠴᠢ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ | ᠲᠡᠩᠴᠡᠭᠦᠷᠢᠲᠡᠢ ᠬᠥᠭᠵᠢᠯᠲᠡ ᠪᠣᠯᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠲᠥᠭᠡᠮᠡᠯ ᠬᠠᠷᠠᠭᠠᠯᠵᠠᠯ ᠤᠨ ᠠᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | | | | | | ᠬᠤᠷᠠᠯ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠤᠷᠭᠠᠨ ᠬᠥᠮᠦᠵᠢᠯ ᠤᠨ ᠬᠦᠴᠦᠷᠬᠡᠭ | ᠣᠷᠣᠨ ᠢ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ 2024 ᠣᠨ ᠤ ᠪᠦᠬᠦ ᠣᠷᠣᠨ ᠤ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠪᠠᠶᠢᠳᠠᠯ | ᠪᠣᠯᠤᠨ ᠡᠭᠦᠷᠭᠡ ᠶᠢ ᠵᠠᠳᠠᠯᠤᠨ᠂ 2025 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ 2024 ᠣᠨ ᠳᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ | ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ | ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠰᠢᠨ᠎ᠡ | ᠦᠷ᠎ᠡ ᠪᠦᠲᠦᠮᠵᠢ ᠣᠯᠬᠤ ᠶᠢ ᠠᠬᠢᠭᠤᠯᠵᠤ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠵᠡᠷᠭᠡ 8 ᠬᠤᠰᠢᠭᠤ | ᠰᠢᠶᠠᠨ ︵ᠲᠣᠭᠤᠷᠢᠭ︶ ᠢ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ | ᠲᠡᠩᠴᠡᠭᠦᠷᠢᠲᠡᠢ ᠬᠥᠭᠵᠢᠭᠦᠯᠦᠭᠰᠡᠨ ᠰᠢᠶᠠᠨ ᠢᠶᠠᠷ ᠮᠠᠭᠠᠳᠯᠠᠨ ᠲᠣᠭᠲᠠᠭᠠᠵᠤ᠂ ᠣᠨᠴᠠᠭᠠᠶᠢᠯᠠᠨ ᠦᠬᠠᠢ ᠬᠤᠲᠠ | ᠲᠦᠷᠦᠭᠦᠯᠡᠨ ᠥᠪᠡᠷᠲᠡᠭᠡᠨ ᠵᠠᠰᠠᠬᠤ ᠣᠷᠣᠨ ᠤ ᠬᠤᠲᠠ ᠪᠠᠷ ᠨᠢᠭᠡᠴᠢ ᠪᠣᠯᠭᠠᠭᠰᠠᠨ ᠪᠦᠬᠦ ᠬᠡᠪᠴᠢᠶᠡᠨ ᠤ ᠮᠠᠭᠠᠳᠯᠠᠨ | ᠳᠣᠭᠲᠠᠭᠠᠯᠲᠠ ᠳᠤ ᠬᠢᠷᠢ ᠲᠡᠩᠴᠡᠵᠦ᠂ ︽ᠦᠬᠠᠢ ᠶᠢᠨ ᠦᠯᠢᠭᠡᠷ ᠳᠠᠭᠤᠷᠢᠶᠠᠯ︾ ᠢ ᠪᠣᠢ ᠪᠣᠯᠭᠠᠪᠠ᠃ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ | ᠳᠠᠬᠢᠨ ᠦᠷ᠎ᠡ ᠪᠥᠳᠦᠮᠵᠢ ᠣᠯᠵᠤ᠂ ᠣᠷᠳᠣᠰ ᠬᠤᠲᠠ ᠶᠢᠨ ᠬᠠᠩᠭᠢᠨ ᠬᠤᠰᠢᠭᠤ ᠵᠡᠷᠭᠡ 7 ᠬᠤᠰᠢᠭᠤ ᠰᠢᠶᠠᠨ | ︵ᠲᠣᠭᠤᠷᠢᠭ︶ ᠪᠦᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ | ᠬᠠᠷᠠᠭᠠᠯᠵᠠᠯᠲᠤ ᠰᠢᠶᠠᠨ ᠢᠶᠠᠷ ᠦᠨᠡᠯᠡᠭᠳᠡᠵᠦ᠂ ᠣᠳᠣ ᠪᠣᠯᠲᠠᠯ᠎ᠠ᠂ ᠪᠦᠬᠦ ᠣᠷᠣᠨ ᠳᠤ ᠨᠢᠭᠡᠨᠲᠡ 16 ᠬᠤᠰᠢᠭᠤ | ᠰᠢᠶᠠᠨ ︵ᠲᠣᠭᠤᠷᠢᠭ︶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ | ᠬᠠᠷᠠᠭᠠᠯᠵᠠᠯᠲᠤ ᠰᠢᠶᠠᠨ ᠢᠶᠠᠷ ᠦᠨᠡᠯᠡᠭᠳᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠵᠢᠯ ᠪᠣᠯᠤᠨ᠎ᠠ᠂ | ᠠᠷᠪᠠᠨ ᠵᠢᠯ ᠳᠤ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠪᠠᠶᠢᠷᠢᠰᠢᠭᠤᠯᠵᠤ᠂ ᠥᠨᠳᠥᠷ ᠲᠦᠪᠰᠢᠨ ᠢᠶᠠᠷ ᠠᠬᠢᠭᠤᠯᠬᠤ ᠵᠢᠯ ᠪᠣᠯᠤᠨ᠎ᠠ᠃ ᠰᠤᠷᠭᠠᠨ ᠬᠥᠮᠦᠵᠢᠯ ᠤᠨ ᠬᠦᠴᠦᠷᠬᠡᠭ | ᠣᠷᠣᠨ ᠤ ᠪᠠᠶᠢᠭᠤᠯᠤᠯᠲᠠ ᠠᠴᠠ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠳᠤ ᠣᠯᠭᠤᠭᠰᠠᠨ ᠤᠯᠤᠰ | ᠲᠥᠷᠥ ᠶᠢᠨ ᠬᠠᠷᠢᠭᠤᠴᠠᠯᠭ᠎ᠠ ᠶᠢ ᠭᠦᠨᠵᠡᠭᠡᠢ ᠡᠵᠡᠮᠳᠡᠵᠦ᠂ ᠵᠠᠰᠠᠭ ᠤᠨ ᠶᠠᠪᠤᠳᠠᠯ ᠢ ᠬᠢᠨᠠᠬᠤ᠂ ᠰᠤᠷᠭᠠᠭᠤᠯᠢ ᠶᠢ ᠬᠢᠨᠠᠬᠤ᠂ | ᠦᠨᠡᠯᠡᠨ ᠵᠢᠱᠢᠵᠦ ᠬᠢᠨᠠᠨ ᠪᠠᠶᠢᠴᠠᠭᠠᠬᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠡᠯ᠎ᠡ ᠱᠠᠲᠤᠨ ᠤ ᠵᠠᠰᠠᠭ ᠤᠨ ᠣᠷᠳᠣᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠱᠠᠭᠠᠷᠳᠠᠯᠭ᠎ᠠ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠰᠢᠪᠠᠳᠠᠭᠤᠯᠤᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠳᠥᠷᠪᠡᠨ ᠲᠠᠯ᠎ᠠ ᠪᠠᠷ ᠪᠣᠳᠠᠲᠠᠢ ᠶᠢ ᠡᠷᠬᠢᠮᠯᠡᠨ | ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢ ᠴᠠᠭᠠᠰᠢᠲᠠ ᠰᠢᠯᠤᠭᠤᠳᠬᠠᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢ ᠬᠢᠨᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠠᠰᠠᠭ ᠤᠨ ᠶᠠᠪᠤᠳᠠᠯ ᠢ ᠬᠢᠨᠠᠵᠤ᠂ ᠰᠤᠷᠭᠠᠭᠤᠯᠢ ᠶᠢ ᠬᠢᠨᠠᠵᠤ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠶᠢᠨ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠰᠠᠶᠢᠲᠤᠷ ᠬᠡᠷᠡᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠭᠤᠣᠯᠳᠠᠯᠭ᠎ᠠ ᠶᠢ ᠲᠣᠪᠤᠶᠢᠯᠭᠠᠨ᠂ | ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ | ᠪᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯ ᠤᠨ ᠠᠵᠢᠯ ᠢ | ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠲᠣᠭᠲᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ᠬᠤᠶᠠᠷ | ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠥᠳᠡᠯᠦᠩᠭᠦᠢ ᠬᠢᠨᠠᠨ ᠪᠠᠶᠢᠴᠠᠭᠠᠵᠤ ᠤᠷᠢᠳᠴᠢᠯᠠᠨ | ᠰᠡᠷᠡᠮᠵᠢᠯᠡᠭᠦᠯᠬᠦ ᠶᠢ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠡᠭᠦᠳᠦᠨ ᠪᠠᠶᠢᠭᠤᠯᠬᠤ ᠣᠨ ᠤ ᠲᠥᠯᠥᠪᠵᠢᠭᠦᠯᠭᠡ ᠪᠠᠨ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠬᠤᠶᠠᠷ ᠢ ᠬᠥᠩᠭᠡᠷᠡᠭᠦᠯᠬᠦ︾᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠶᠢ ᠲᠤᠰᠬᠠᠢ ᠬᠢᠨᠠᠨ ᠵᠢᠯᠣᠭᠤᠳᠬᠤ ᠶᠢ | ᠨᠢᠭᠡᠳᠦᠯᠲᠡᠢ ᠲᠥᠯᠥᠪᠯᠡᠨ ᠰᠠᠶᠢᠲᠤᠷ ᠥᠷᠨᠢᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ︽ᠦᠢᠯᠡᠴᠢᠯᠡᠭᠡ ᠶᠢ ᠴᠢᠩᠭᠠᠳᠬᠠᠬᠤ᠂ ᠳᠤᠲᠠᠭᠤᠳᠠᠯ ᠢ ᠨᠥᠬᠦᠪᠥᠷᠢᠯᠡᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ | ᠤᠳᠤᠷᠢᠳᠤᠮᠵᠢ ᠶᠢ ᠪᠠᠷᠢᠮᠲᠠᠯᠠᠵᠤ᠂ ᠪᠠᠶᠢᠩᠭᠤ ᠶᠢᠨ ᠰᠤᠷᠤᠯᠴᠠᠯᠭ᠎ᠠ ᠪᠣᠯᠪᠠᠰᠤᠷᠠᠯ᠂ ᠦᠢᠯᠡᠳᠦᠯᠭᠡ ᠶᠢᠨ ᠪᠠᠶᠢᠴᠠᠭᠠᠨ | ᠰᠤᠳᠤᠯᠤᠯᠲᠠ ᠪᠠᠷ ᠰᠤᠷᠭᠠᠭᠤᠯᠢ ᠶᠢ ᠬᠢᠨᠠᠬᠤ ᠡᠩᠨᠡᠭᠡ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠰᠤᠷᠭᠠᠨ | ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢᠨ ᠶᠡᠷᠦᠩᠬᠡᠢ ᠭᠠᠷᠳᠠᠨ ᠬᠢᠭᠴᠢ ᠪᠣᠯᠤᠭᠰᠠᠨ ᠤ ᠬᠤᠪᠢ ᠳᠤ | ︽ᠰᠢᠪᠠᠳᠠᠭᠤᠯᠤᠨ ᠨᠠᠶᠢᠳᠠᠪᠤᠷᠢᠵᠢᠭᠤᠯᠬᠤ︾ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠳᠤ ᠠᠩᠬᠠᠷᠤᠯ ᠢᠶᠠᠨ ᠬᠠᠨᠳᠤᠭᠤᠯᠤᠨ᠂ ᠰᠠᠨᠠᠭᠠᠴᠢᠯᠠᠭ᠎ᠠ ᠠᠴᠠ ᠪᠠᠨ ᠰᠤᠳᠤᠯᠬᠤ ᠴᠢᠬᠤᠯᠠᠲᠠᠢ᠂ | ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠬᠠᠩᠭᠠᠵᠤ᠂ ᠬᠢᠨᠠᠨ ᠵᠢᠯᠣᠭᠤᠳᠴᠤ ᠢᠯᠡᠷᠡᠭᠦᠯᠦᠭᠰᠡᠨ ᠠᠰᠠᠭᠤᠳᠠᠯ ᠢ | ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠷᠢᠯᠢᠭ ᠣᠨᠣᠴᠠᠲᠠᠢ ᠬᠠᠷᠢᠭᠤ ᠲᠤᠰᠬᠠᠵᠤ᠂ ᠴᠡᠭᠴᠡᠯᠡᠨ | ᠰᠠᠶᠢᠵᠢᠷᠠᠭᠤᠯᠬᠤ ᠡᠬᠡ ᠳᠠᠩᠰᠠ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠂ ︽ᠠᠰᠠᠭᠤᠳᠠᠯ ᠢ | ᠢᠯᠡᠷᠡᠭᠦᠯᠬᠦ - ᠫᠠᠶᠢᠰᠠ ᠡᠯᠭᠦᠨ ᠰᠢᠪᠠᠳᠠᠭᠤᠯᠤᠨ ᠭᠦᠢᠴᠡᠳᠬᠡᠬᠦ - ᠴᠡᠭᠴᠡᠯᠡᠨ ᠰᠠᠶᠢᠵᠢᠷᠠᠭᠤᠯᠵᠤ ᠳ᠋ᠤᠭᠠᠷ | ᠬᠠᠰᠤᠬᠤ︾ ᠪᠢᠲᠡᠭᠦᠦ ᠴᠠᠭᠠᠷᠢᠭ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠡᠭᠡᠷ᠎ᠡ᠂ ᠦᠬᠠᠢ ᠬᠤᠲᠠ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ᠂ | ᠬᠥᠬᠡᠬᠤᠲᠠ ᠶᠢᠨ ᠦᠴᠤᠸᠠᠨ ᠰᠢᠶᠠᠨ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠣᠷᠳᠣᠰ | ᠬᠤᠲᠠ ᠶᠢᠨ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠦᠬᠠᠢ ᠬᠤᠲᠠ ᠶᠢᠨ | ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠪᠠᠭ᠎ᠠ ᠰᠤᠷᠭᠠᠭᠤᠯᠢ ᠶᠢᠨ ᠪᠦᠯᠬᠦᠮᠳᠡᠯ ᠰᠤᠷᠭᠠᠭᠤᠯᠢ ᠶᠢᠨ | ᠲᠣᠭᠤᠷᠢᠭ ᠪᠣᠯᠤᠨ ᠰᠢᠯᠢ ᠶᠢᠨ ᠭᠤᠣᠯ ᠠᠶᠢᠮᠠᠭ ᠵᠡᠷᠭᠡ 5 ᠭᠠᠵᠠᠷ ᠣᠷᠣᠨ ᠪᠠ 2 ᠰᠤᠷᠭᠠᠭᠤᠯᠢ ᠰᠠᠨᠠᠯ ᠢᠶᠠᠨ | ᠰᠣᠯᠢᠯᠴᠠᠪᠠ᠃ | ᠡᠯ᠎ᠡ ᠠᠶᠢᠮᠠᠭ ᠬᠤᠲᠠ ᠶᠢᠨ ᠶᠡᠷᠦᠩᠬᠡᠢ ᠰᠤᠷᠭᠠᠭᠤᠯᠢ ᠪᠠᠶᠢᠴᠠᠭᠠᠭᠴᠢ᠂ ᠬᠢᠨᠠᠨ ᠵᠢᠯᠣᠭᠤᠳᠬᠤ ᠲᠠᠰᠤᠭ ᠤᠨ | ᠡᠷᠬᠢᠯᠡᠭᠴᠢ ᠵᠢᠴᠢ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ | ᠬᠠᠷᠢᠭᠤᠴᠠᠯᠭᠠᠲᠠᠨ᠂ ᠬᠢᠨᠠᠨ ᠵᠢᠯᠣᠭᠤᠳᠬᠤ ᠲᠠᠰᠤᠭ ᠤᠨ ᠡᠷᠬᠢᠯᠡᠭᠴᠢ ᠪᠣᠯᠤᠨ ᠬᠡᠰᠡᠭ ᠲᠥᠯᠥᠭᠡᠯᠡᠭᠴᠢ ᠬᠤᠷᠠᠯ ᠳᠤ | ᠣᠷᠣᠯᠴᠠᠵᠠᠢ᠃ | | | |