4 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ 3 ᠰᠠᠷ᠎ᠠ ᠶᠢᠨ 31 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠠᠵᠢᠯ ᠤᠨ ᠳᠦᠷᠢᠮ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠳᠦᠷᠢᠮ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠬᠢᠨ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠵᠦᠢᠯ ᠢ ᠭᠤᠣᠯᠳᠠᠯᠭ᠎ᠠ ᠲᠠᠢ ᠠᠳᠬᠤᠬᠤ ᠶᠢ | ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ | ᠵᠠᠰᠠᠯᠲᠠ ᠵᠢᠴᠢ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾ ᠤᠨ ᠶᠡᠷᠦᠩᠬᠡᠶᠢᠯᠡᠭᠰᠡᠨ ᠵᠠᠰᠠᠯᠲᠠ | ᠵᠡᠷᠭᠡ ᠶᠢ ᠴᠢᠩᠭ᠎ᠠ ᠠᠩᠬᠠᠷᠴᠤ᠂ ᠲᠣᠪᠤᠶᠢᠮ᠎ᠠ ᠠᠰᠠᠭᠤᠳᠠᠯ ᠢ ᠴᠢᠩᠭ᠎ᠠ ᠪᠣᠳᠠᠲᠠᠢ ᠲᠦᠷᠭᠡᠨ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠴᠢᠩᠭ᠎ᠠ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠨᠠᠮ ᠤᠨ | ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ | ᠠᠬᠢᠭᠤᠯᠬᠤ ᠪᠠᠷ ᠭᠤᠣᠯᠳᠠᠯᠭ᠎ᠠ ᠪᠣᠯᠭᠠᠨ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ | ᠴᠡᠭᠴᠡᠯᠡᠨ ᠰᠠᠶᠢᠵᠢᠷᠠᠭᠤᠯᠬᠤ ᠶᠢᠨ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠠᠴᠠ ᠪᠠᠷ ᠭᠠᠷᠳᠠᠴᠠ ᠪᠣᠯᠭᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠦᠨ᠂ | ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ | ᠦᠵᠡᠯᠲᠡ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠠᠷᠭ᠎ᠠ ᠶᠢ ᠰᠠᠶᠢᠲᠤᠷ ᠬᠡᠷᠡᠭᠯᠡᠵᠦ᠂ ᠲᠣᠭᠤᠷᠢᠨ | ᠪᠠᠶᠢᠴᠠᠭᠠᠵᠤ ᠬᠢᠨᠠᠯᠲᠠ ᠲᠠᠯᠪᠢᠬᠤ ᠶᠢ ᠪᠤᠰᠤᠳ ᠬᠢᠨᠠᠯᠲᠠ ᠲᠠᠯᠪᠢᠬᠤ ᠲᠠᠢ ᠨᠠᠩ ᠰᠠᠶᠢᠲᠤᠷ ᠤᠶᠠᠯᠳᠤᠭᠤᠯᠵᠤ᠂ | ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ | ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ᠂ ᠨᠡᠭᠡᠭᠡᠯᠲᠡ ᠬᠢᠬᠦ | ᠠᠯᠬᠤᠮ ᠢᠶᠠᠨ ᠲᠦᠷᠭᠡᠳᠬᠡᠵᠦ᠂ ᠠᠷᠭ᠎ᠠ ᠪᠦᠭᠦᠨ ᠢ ᠰᠦᠪᠡᠭᠴᠢᠯᠡᠨ ᠭᠠᠳᠠᠭᠠᠳᠤ ᠶᠢᠨ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠣᠨ | ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ᠃ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠡᠭᠡ ᠬᠦᠴᠦ ᠣᠷᠣᠭᠤᠯᠵᠤ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ | ᠠᠬᠢᠭᠤᠯᠬᠤ ᠬᠡᠷᠡᠭᠲᠡᠢ᠃ ᠤᠷᠤᠰ᠂ ᠮᠣᠩᠭᠤᠯ ᠲᠡᠶᠢᠰᠢ ᠨᠡᠭᠡᠭᠡᠯᠲᠡ ᠬᠢᠬᠦ ᠪᠠᠨ ᠥᠷᠭᠡᠳᠬᠡᠬᠦ ᠶᠢᠨ ᠬᠠᠮᠲᠤ ︽ᠨᠢᠭᠡ | ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠢᠳᠡᠪᠬᠢᠲᠡᠢ | ᠥᠷᠭᠡᠳᠬᠡᠵᠦ᠂ ᠨᠡᠩ ᠤᠯᠠᠨ ᠪᠣᠳᠠᠲᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ | ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ | ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠤᠯᠭᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠪᠦᠭᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠳᠤ ᠦᠢᠯᠡᠴᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠦᠴᠦᠯᠡᠬᠦ ᠴᠡᠭ ᠢ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ᠪᠦᠭᠦ | ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠬᠤ ᠳᠤ ᠨᠡᠩ ᠶᠡᠭᠡ ᠦᠷ᠎ᠡ ᠪᠦᠲᠦᠮᠵᠢ ᠣᠯᠬᠤ ᠶᠢ | ᠠᠬᠢᠭᠤᠯᠬᠤ ᠬᠡᠷᠡᠭᠲᠡᠢ᠃ ᠴᠢᠳᠠᠪᠤᠷᠢᠲᠠᠨ᠂ ᠪᠡᠯᠡ ᠮᠥᠩᠭᠦ᠂ ᠲᠠᠪᠴᠠᠩ᠂ ᠲᠦᠷᠦᠯ ᠵᠦᠢᠯ᠂ ᠦᠷ᠎ᠡ ᠪᠦᠲᠦᠭᠡᠯ ᠢ | ᠣᠨᠳᠣᠣᠰᠢᠭᠤᠯᠬᠤ ᠵᠡᠷᠭᠡ ᠲᠠᠯ᠎ᠠ ᠠᠴᠠ ᠭᠠᠷᠳᠠᠵᠤ ᠪᠦᠭᠦ ᠬᠡᠯᠬᠢᠶᠡᠨ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ | ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠴᠢᠳᠠᠪᠤᠷᠢᠲᠠᠨ ᠢ | ᠣᠷᠣᠭᠤᠯᠤᠨ ᠠᠪᠴᠢᠷᠠᠵᠤ ᠴᠢᠳᠠᠪᠤᠷᠢᠲᠠᠨ ᠢ ᠴᠤᠭᠯᠠᠷᠠᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠪᠠ ᠲᠠᠪᠴᠠᠩ ᠢ | ᠬᠡᠷᠡᠭᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠪᠦᠭᠦ ᠬᠦᠴᠦᠨ ᠢᠶᠠᠷ ᠢᠶᠠᠨ | ᠪᠤᠵᠠᠭᠠᠶᠢᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠪᠦᠭᠦ ᠲᠠᠯ᠎ᠠ ᠪᠠᠷ ᠬᠥᠭᠵᠢᠭᠦᠯᠬᠦ ᠶᠢ ᠪᠠᠷᠢᠮᠲᠠᠯᠠᠵᠤ᠂ ᠨᠡᠩ ᠤᠯᠠᠨ ᠨᠤᠲᠤᠭ ᠤᠨ | ᠰᠢᠯᠢᠳᠡᠭ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠯ᠎ᠡ ᠤᠯᠠᠨ ᠲᠦᠮᠡᠨ ᠤ ᠪᠦᠯᠭᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠲᠦᠮᠡᠨ ᠤ | ᠪᠦᠯᠭᠦᠮ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠤᠯᠠᠨ ᠲᠦᠮᠡᠨ ᠤ ᠪᠦᠯᠭᠦᠮ ᠤᠨ ᠵᠣᠬᠢᠶᠠᠨ | ᠪᠠᠶᠢᠭᠤᠯᠤᠯᠲᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠮᠠᠷᠪᠠ ᠠᠵᠢᠯ ᠢ | ᠤᠬᠠᠭᠠᠯᠠᠨ ᠲᠥᠯᠥᠪᠯᠡᠬᠦ ᠳᠤ ᠴᠥᠮ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠᠷ | ᠤᠷᠢᠲᠠᠯ ᠪᠤᠯᠭᠠᠵᠤ᠂ ᠨᠠᠮ ᠤᠨ ᠤᠳᠤᠷᠢᠳᠤᠯᠭ᠎ᠠ ᠶᠢ ᠤᠯᠠᠨ ᠲᠦᠮᠡᠨ ᠤ ᠪᠦᠯᠭᠦᠮ ᠤᠨ ᠠᠵᠢᠯ ᠤᠨ ᠡᠯ᠎ᠡ ᠲᠠᠯ᠎ᠠ᠂ | ᠪᠦᠭᠦ ᠶᠠᠪᠤᠴᠠ ᠳᠤ ᠦᠨᠡᠨ ᠬᠦ ᠢᠯᠡᠷᠡᠭᠦᠯᠬᠦ ᠬᠡᠷᠡᠭᠲᠡᠢ᠃ ᠦᠵᠡᠬᠦ ᠳᠤ ᠬᠡᠶᠢᠰᠪᠦᠷᠢ ᠠᠵᠢᠯ ᠢ ᠪᠣᠳᠠᠲᠠᠶᠢᠵᠢᠭᠤᠯᠤᠨ | ᠬᠢᠬᠦ ᠶᠢ ᠪᠠᠷᠢᠮᠲᠠᠯᠠᠵᠤ᠂ ︽ᠨᠢᠭᠡ ᠭᠤᠣᠯ ᠰᠢᠵᠢᠮ︾᠂ ︽ᠲᠠᠪᠤᠨ ᠶᠡᠭᠡ ᠡᠭᠦᠷᠭᠡ︾᠂ ︽ᠵᠢᠷᠭᠤᠭᠠᠨ | ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠲᠠᠢ ᠨᠢᠭᠲᠠ ᠤᠶᠠᠯᠳᠤᠭᠤᠯᠤᠨ᠂ ᠲᠤᠰ ᠬᠦᠷᠢᠶᠡᠨ ᠤ | ᠭᠤᠣᠯᠳᠠᠯᠭ᠎ᠠ ᠲᠠᠢ ᠡᠭᠦᠷᠭᠡ ᠪᠠᠨ ᠰᠢᠰᠲ᠋ᠧᠮ ᠲᠠᠢ ᠲᠥᠯᠥᠪᠵᠢᠭᠦᠯᠵᠦ᠂ ᠭᠤᠣᠯ ᠠᠵᠢᠯ ᠪᠠ ᠶᠡᠭᠡ ᠲᠠᠯ᠎ᠠ ᠳᠤ ᠨᠡᠩ | ᠰᠠᠶᠢᠲᠤᠷ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ︽ᠨᠠᠮ ᠤᠨ | ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ | ᠪᠠᠶᠢᠩᠭᠤᠵᠢᠭᠤᠯᠤᠨ ᠠᠬᠢᠭᠤᠯᠵᠤ᠂ ᠲᠣᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ ᠣᠯᠠᠨ ᠲᠦᠮᠡᠨ ᠤ | ᠪᠦᠯᠭᠦᠮ ᠤᠨ ᠠᠵᠢᠯᠯᠠᠭ᠎ᠠ ᠶᠢ ᠲᠥᠯᠥᠪᠯᠡᠨ ᠥᠷᠨᠢᠭᠦᠯᠬᠦ ᠬᠡᠷᠡᠭᠲᠡᠢ᠂ ᠶᠠᠭᠠᠬᠢᠪᠠᠯ ᠣᠯᠠᠨ ᠲᠦᠮᠡᠨ ᠢ ᠬᠥᠮᠥᠵᠢᠭᠦᠯᠬᠦ᠂ | ᠳᠠᠶᠢᠴᠢᠯᠠᠬᠤ ᠪᠠ ᠦᠢᠯᠡᠴᠢᠯᠡᠬᠦ ᠳᠤ ᠠᠰᠢᠭᠲᠠᠢ ᠪᠣᠯ ᠲᠡᠭᠡᠵᠤ ᠬᠢᠵᠦ᠂ ᠬᠡᠯᠪᠡᠷᠢᠴᠢ ᠦᠵᠡᠯ ᠪᠠ ︽ᠶᠠᠮᠤᠨ ᠤ | ᠰᠤᠷᠲᠠᠯ︾ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ | ᠪᠦᠯᠭᠦᠮ ᠤᠨ ᠵᠣᠬᠢᠶᠠᠨ ᠪᠠᠶᠢᠭᠤᠯᠤᠯᠲᠠ ᠪᠠᠷ ᠴᠣᠩᠬᠤᠪᠴᠢ ᠪᠣᠯᠭᠠᠨ ᠤᠯᠠᠨ ᠲᠦᠮᠡᠨ ᠳᠤ ᠰᠢᠯᠢᠳᠡᠭ ᠰᠠᠶᠢᠨ ᠨᠠᠮ ᠤᠨ | ᠰᠤᠷᠲᠠᠯ ᠵᠠᠰᠠᠭ ᠤᠨ ᠰᠤᠷᠲᠠᠯ ᠢ ᠳᠡᠯᠭᠡᠨ ᠦᠵᠡᠭᠦᠯᠭᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠤᠯᠠᠨ | ᠲᠦᠮᠡᠨ ᠤ ᠪᠦᠯᠭᠦᠮ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠤᠯᠠᠨ ᠲᠦᠮᠡᠨ ᠤ ᠪᠦᠯᠭᠦᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |