2025 ᠣᠨ ᠤ ᠪᠦᠬᠦ ᠣᠷᠣᠨ ᠤ ᠰᠤᠷᠤᠭᠴᠢᠳ ᠤᠨ ᠤᠰᠤᠨ ᠳᠤ ᠠᠳᠡᠬᠦ ᠶᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
      4 ᠳ᠋ᠦ᠋ᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ 2025 ᠣᠨ ᠤ ᠪᠦᠬᠦ ᠣᠷᠣᠨ ᠤ ᠰᠤᠷᠤᠭᠴᠢᠳ ᠤᠨ ᠤᠰᠤᠨ ᠳᠤ ᠠᠳᠡᠬᠦ ᠶᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠤᠳᠤᠷᠢᠳᠤᠯᠭ᠎ᠠ ᠲᠤᠰ ᠲᠤᠰ ᠠᠵᠢᠯ ᠤᠨ ᠪᠠᠶᠢᠷᠢᠯᠠᠭᠤᠯᠤᠯᠲᠠ ᠬᠢᠪᠡ᠃

1.jpg

      ᠬᠤᠷᠠᠯ ᠠᠴᠠ᠂ ᠡᠯ᠎ᠡ ᠭᠠᠵᠠᠷ ᠤᠨ ᠬᠢᠨ ︽ᠬᠠᠷᠢᠶ᠎ᠠ ᠣᠷᠣᠨ ᠳᠤ ᠨᠢ ᠬᠠᠮᠢᠶᠠᠷᠤᠭᠤᠯᠬᠤ᠂ ᠱᠠᠲᠤ ᠬᠤᠪᠢᠶᠠᠨ

ᠬᠠᠷᠢᠭᠤᠴᠠᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂

ᠰᠤᠷᠤᠭᠴᠢᠳ ᠤᠨ ᠤᠰᠤᠨ ᠳᠤ ᠠᠳᠡᠬᠦ ᠶᠢ ᠰᠡᠷᠭᠡᠶᠢᠯᠡᠬᠦ ᠠᠵᠢᠯ ᠤᠨ ᠲᠣᠭᠲᠠᠴᠠ ᠶᠢ ᠳᠠᠷᠤᠢ ᠳᠤ ᠨᠢ ᠡᠬᠢᠯᠡᠭᠦᠯᠵᠦ᠂

ᠠᠵᠢᠯ ᠤᠨ ᠲᠥᠰᠦᠯ ᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢ ᠪᠣᠳᠠᠲᠠᠢ ᠠᠵᠢᠯ ᠤᠨ ᠪᠠᠶᠢᠷᠢ ᠪᠠ ᠬᠤᠪᠢ

ᠬᠥᠮᠦᠨ ᠳᠤ ᠬᠦᠷᠲᠡᠯ᠎ᠡ ᠲᠣᠳᠣᠷᠬᠠᠶᠢᠯᠠᠵᠤ᠂ ︽ᠬᠥᠨᠳᠡᠯᠡᠨ ᠭᠤᠤᠯᠳᠤ ᠪᠠᠷ ᠥᠨᠴᠦᠭ ᠪᠤᠯᠤᠩ ᠦᠯᠡᠳᠡᠭᠡᠯ ᠦᠭᠡᠢ

ᠪᠥᠬᠦᠨ ᠢ ᠬᠠᠮᠤᠷᠬᠤ︾ ᠬᠠᠷᠢᠭᠤᠴᠠᠯᠭ᠎ᠠ ᠶᠢᠨ ᠳᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠬᠤᠯᠪᠣᠭᠠᠯᠠᠨ

ᠬᠠᠮᠵᠢᠯᠴᠠᠬᠤ ᠶᠢ ᠴᠢᠩᠭᠠᠳᠬᠠᠵᠤ᠂ ᠪᠠᠶᠢᠩᠭᠤ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠬᠠᠷᠢᠶ᠎ᠠ

ᠣᠷᠣᠨ ᠤ ᠤᠰᠤᠨ ᠣᠷᠣᠨ ᠤ ᠠᠮᠤᠷ ᠲᠦᠪᠰᠢᠨ ᠤ ᠳᠠᠯᠳᠠ ᠭᠡᠮ ᠢ ︽ᠲᠣᠣᠷ ᠲᠠᠲᠠᠬᠤ ᠮᠠᠶ᠋ᠢᠭ︾ ᠢᠶᠠᠷ ᠵᠢᠭᠰᠠᠭᠠᠨ

ᠪᠠᠶᠢᠴᠠᠭᠠᠵᠤ᠂ ᠳᠠᠯᠳᠠ ᠭᠡᠮ ᠤᠨ ᠡᠬᠡ ᠳᠠᠩᠰᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ

ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠤᠰᠤᠨ ᠣᠷᠣᠨ ᠳᠤ ︽ᠲᠣᠭᠤᠷᠢᠨ ᠪᠠᠶᠢᠴᠠᠭᠠᠬᠤ

ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠠᠷᠠᠳ ᠤᠨ ᠠᠭᠠᠷ ᠤᠨ ᠰᠡᠷᠭᠡᠶᠢᠯᠡᠯᠲᠡ ᠲᠠᠢ︾ ᠪᠠᠶᠢᠬᠤ ᠶᠢ ᠦᠨᠡᠨ ᠬᠦ

ᠪᠠᠲᠤᠯᠠᠬᠤ ᠬᠡᠷᠡᠭᠲᠡᠢ᠃ ᠭᠡᠷ ᠤᠨ ᠠᠬᠠᠮᠠᠳ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠶᠢ ᠰᠠᠨᠠᠭᠠᠴᠢᠯᠠᠭ᠎ᠠ ᠠᠴᠠ ᠪᠠᠨ

ᠴᠢᠩᠭᠠᠳᠬᠠᠵᠤ᠂ ᠭᠡᠷ ᠤᠨ ᠠᠬᠠᠮᠠᠳ ᠢ ᠰᠢᠪᠠᠳᠠᠭᠤᠯᠵᠤ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠦᠨᠡᠨ ᠬᠦ

ᠭᠦᠢᠴᠡᠳᠭᠡᠵᠦ᠂ ᠭᠡᠷ ᠤᠨ ᠠᠬᠠᠮᠠᠳ ᠤᠨ ᠬᠤᠷᠠᠯ᠂ ᠭᠡᠷ ᠤᠨ ᠠᠬᠠᠮᠠᠳ ᠤᠨ ᠴᠤᠭᠯᠠᠷᠠᠯ ᠵᠡᠷᠭᠡ ᠣᠯᠠᠨ ᠵᠦᠢᠯ ᠤᠨ

ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤᠨ ᠳᠤ ᠠᠳᠡᠬᠦ ᠶᠢ ᠰᠡᠷᠭᠡᠶᠢᠯᠡᠬᠦ ᠮᠡᠳᠡᠯᠭᠡ ᠶᠢ ᠭᠡᠷ ᠤᠨ ᠠᠬᠠᠮᠠᠳ ᠲᠤ

ᠤᠬᠠᠭᠤᠯᠵᠤ᠂ ᠰᠤᠷᠭᠠᠭᠤᠯᠢ ᠲᠠᠷᠬᠠᠭᠰᠠᠨ ᠤ ᠳᠠᠷᠠᠭ᠎ᠠ᠂ ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠠᠮᠠᠷᠠᠯᠲᠠ ᠶᠢᠨ

ᠡᠳᠦᠷ ᠵᠡᠷᠭᠡ ᠭᠤᠣᠯᠳᠠᠯᠭ᠎ᠠ ᠲᠠᠢ ᠴᠠᠭ ᠬᠤᠭᠤᠴᠠᠭᠠᠨ  ᠳᠤ ᠬᠡᠦᠬᠡᠳ ᠢ ᠬᠢᠨᠠᠨ ᠬᠠᠮᠢᠶᠠᠷᠬᠤ ᠪᠠᠨ ᠴᠢᠩᠭᠠᠳᠬᠠᠬᠤ ᠶᠢ

ᠭᠡᠷ ᠤᠨ ᠠᠬᠠᠮᠠᠳ ᠲᠤ ᠬᠡᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠡᠯ᠎ᠡ ᠭᠠᠵᠠᠷ ᠤᠨ ᠬᠢᠨ ᠤᠰᠤᠨ ᠳᠤ ᠠᠳᠡᠬᠦ ᠶᠢ ᠰᠡᠷᠭᠡᠶᠢᠯᠡᠬᠦ ᠤᠬᠠᠭᠤᠯᠭ᠎ᠠ ᠶᠢᠨ ᠠᠷᠭ᠎ᠠ

ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠲᠤᠰᠬᠠᠢ ᠰᠡᠳᠦᠪᠲᠦ ᠬᠥᠮᠦᠵᠢᠯ ᠢ ᠵᠣᠬᠢᠶᠠᠨ ᠪᠠᠶᠢᠭᠤᠯᠤᠨ

ᠥᠷᠨᠢᠭᠦᠯᠵᠦ᠂ ᠪᠠᠭᠰᠢ ᠰᠤᠷᠤᠭᠴᠢᠳ ᠲᠤ ᠤᠰᠤᠨ ᠳᠤ ᠠᠳᠡᠬᠦ ᠶᠢ ᠰᠡᠷᠭᠡᠶᠢᠯᠡᠬᠦ ᠮᠡᠳᠡᠯᠭᠡ ᠪᠣᠯᠤᠨ ᠥᠪᠡᠷ ᠢ ᠪᠠᠨ

ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ  ᠶᠢ ᠵᠢᠭᠠᠵᠤ ᠥᠭᠬᠦ ᠬᠡᠷᠡᠭᠲᠡᠢ᠃ ᠰᠤᠷᠤᠭᠴᠢᠳ ᠤᠨ

ᠰᠤᠷᠭᠠᠭᠤᠯᠢ ᠳᠤ ᠣᠴᠢᠬᠤ ᠪᠤᠶᠤ ᠰᠤᠷᠭᠠᠭᠤᠯᠢ ᠠᠴᠠ ᠬᠠᠷᠢᠬᠤ ᠵᠠᠮ ᠳᠤ ᠥᠩᠭᠡᠷᠡᠬᠦ ᠪᠤᠢ ᠪᠦᠬᠦᠢ ᠭᠤᠣᠯᠳᠠᠯᠭ᠎ᠠ ᠲᠠᠢ

ᠤᠰᠤᠨ ᠣᠷᠣᠨ ᠪᠣᠯᠤᠨ ᠠᠶᠤᠯ ᠲᠠᠢ ᠵᠠᠮ ᠤᠨ ᠬᠡᠰᠡᠭ ᠲᠤ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠫᠠᠶᠢᠰᠠ᠂

ᠠᠮᠤᠷ ᠲᠦᠪᠰᠢᠨ ᠤ ᠲᠤᠰᠠᠭᠠᠷᠯᠠᠬᠤ ᠪᠦᠰᠡ᠂ ᠬᠠᠮᠠᠭᠠᠯᠠᠯᠲᠠ ᠶᠢᠨ ᠬᠡᠷᠡᠰᠬᠡ ᠭᠠᠷᠭᠠᠵᠤ᠂ ᠰᠤᠷᠭᠠᠭᠤᠯᠢ ᠶᠢᠨ ︽ᠬᠥᠮᠦᠨ

ᠬᠥᠮᠦᠵᠢᠭᠦᠯᠬᠦ︾᠂ ᠭᠡᠷ ᠤᠨ ᠠᠬᠠᠮᠠᠳ ᠤᠨ ︽ᠬᠥᠮᠦᠨ ᠢᠶᠠᠨ ᠰᠠᠶᠢᠲᠤᠷ ᠬᠠᠷᠠᠬᠤ︾᠂ ᠰᠠᠯᠠᠭ᠎ᠠ ᠮᠥᠴᠢᠷ ᠤᠨ      

︽ᠤᠰᠤ ᠶᠢ ᠰᠠᠶᠢᠲᠤᠷ ᠬᠠᠮᠢᠶᠠᠷᠬᠤ︾ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ︽ᠣᠯᠠᠨ

ᠵᠦᠢᠯ ᠤᠨ ᠬᠠᠯᠬᠠᠪᠴᠢ︾ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ

ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠰᠤᠷᠤᠭᠴᠢᠳ ᠤᠨ ᠤᠰᠤᠨ ᠳᠤ ᠠᠳᠡᠬᠦ ᠶᠢ ᠰᠡᠷᠭᠡᠶᠢᠯᠡᠬᠦ

ᠠᠵᠢᠯ ᠢ ᠥᠷᠨᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠯᠲᠠ ᠪᠠ ᠵᠢᠯᠣᠭᠤᠳᠣᠯᠭ᠎ᠠ ᠬᠢᠬᠦ

ᠬᠡᠷᠡᠭᠲᠡᠢ ᠭᠡᠵᠦ ᠱᠠᠭᠠᠷᠳᠠᠪᠠ᠃

2.jpg

      ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠰᠤᠷᠭᠠᠨ ᠬᠥᠮᠦᠵᠢᠯ᠂ ᠤᠬᠠᠭᠤᠯᠭ᠎ᠠ᠂

ᠤᠯᠤᠰ ᠲᠥᠷᠥ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠣᠷᠣᠨ ᠰᠠᠭᠤᠴᠠ ᠪᠠ

ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂

ᠲᠠᠷᠢᠶᠠᠯᠠᠩ ᠮᠠᠯ ᠠᠵᠤ ᠠᠬᠤᠢ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂

ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ

ᠬᠠᠮᠢᠶ᠎ᠠ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号