ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ | ᠵᠢᠴᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ | ᠪᠠᠶᠢᠴᠠᠭᠠᠬᠤ ᠠᠵᠢᠯ ᠤᠨ ᠳᠦᠷᠢᠮ︾ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠬᠤ | ᠠᠵᠢᠯ ᠤᠨ ᠲᠤᠬᠠᠢ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ | ᠰᠢᠰᠲ᠋ᠧᠮ ᠤᠨ ᠲᠣᠭᠤᠷᠢᠨ ᠪᠠᠶᠢᠴᠠᠭᠠᠬᠤ ᠺᠠᠳ᠋ᠷ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 5 | ᠰᠠᠷ᠎ᠠ ᠶᠢᠨ 7- 8 ᠤ ᠡᠳᠦᠷ᠂ ᠰᠤᠷᠭᠠᠨ ᠬᠥᠮᠦᠵᠢᠯ ᠤᠨ ᠲᠢᠩᠬᠢᠮ 2025 ᠣᠨ ᠤ ᠪᠦᠬᠦ ᠣᠷᠣᠨ ᠤ ᠶᠡᠭᠡ ᠳᠡᠭᠡᠳᠦ | ᠰᠤᠷᠭᠠᠭᠤᠯᠢ ᠶᠢᠨ ᠲᠣᠭᠤᠷᠢᠨ ᠪᠠᠶᠢᠴᠠᠭᠠᠬᠤ ᠺᠠᠳ᠋ᠷ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ | ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ | ᠳᠠᠷᠤᠭ᠎ᠠ ᠯᠢ ᠶᠢᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠡᠨᠡ ᠤᠳᠠᠭᠠᠨ ᠤ ᠪᠣᠯᠪᠠᠰᠤᠷᠠᠯ ᠤᠨ ᠠᠩᠭᠢ ᠶᠢᠨ ᠲᠤᠰᠬᠠᠢ ᠮᠡᠷᠭᠡᠵᠢᠯᠲᠡᠨ ᠴᠥᠮ ᠲᠣᠭᠤᠷᠢᠨ ᠪᠠᠶᠢᠴᠠᠭᠠᠬᠤ | ᠠᠵᠢᠯ ᠤᠨ ᠨᠢᠭᠡᠳᠦᠭᠡᠷ ᠹᠷᠣᠨᠲ ᠠᠴᠠ ᠢᠷᠡᠵᠦ᠂ ᠲᠤᠰᠬᠠᠢ ᠮᠡᠷᠭᠡᠵᠢᠯᠲᠡᠨ ᠠᠴᠠ ᠲᠣᠭᠤᠷᠢᠨ ᠪᠠᠶᠢᠴᠠᠭᠠᠵᠤ | ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠵᠢᠴᠢ ᠰᠦᠪᠡᠭᠴᠢ ᠶᠢ ᠰᠢᠢᠳᠪᠦᠷᠢᠯᠡᠬᠦ ᠶᠠᠪᠤᠴᠠ᠂ ᠲᠣᠭᠤᠷᠢᠨ | ᠪᠠᠶᠢᠴᠠᠭᠠᠬᠤ ᠮᠡᠳᠡᠭᠦᠯᠦᠯᠲᠡ ᠶᠢ ᠶᠠᠭᠠᠬᠢᠵᠤ ᠪᠢᠴᠢᠬᠦ᠂ ᠲᠣᠭᠤᠷᠢᠨ ᠪᠠᠶᠢᠴᠠᠭᠠᠬᠤ ᠶᠢ ᠴᠡᠭᠴᠡᠯᠡᠨ ᠰᠠᠶᠢᠵᠢᠷᠠᠭᠤᠯᠬᠤ ᠪᠠ | ᠦᠷ᠎ᠡ ᠪᠥᠲᠦᠭᠡᠯ ᠢ ᠬᠡᠷᠡᠭᠯᠡᠬᠦ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠵᠡᠷᠭᠡ | ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ ᠵᠢᠭᠠᠨ ᠵᠢᠯᠣᠭᠤᠳᠴᠤ᠂ ᠲᠤᠰᠬᠠᠢ ᠰᠡᠳᠦᠪᠲᠦ ᠲᠠᠶᠢᠯᠤᠮᠵᠢ ᠪᠠ | ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠲᠣᠭᠤᠷᠢᠨ | ᠪᠠᠶᠢᠴᠠᠭᠠᠬᠤ ᠺᠠᠳ᠋ᠷ ᠬᠠᠷᠢᠯᠴᠠᠨ ᠰᠣᠯᠢᠯᠴᠠᠬᠤ ᠶᠠᠪᠤᠴᠠ ᠳᠤ ᠲᠣᠭᠤᠷᠢᠨ ᠪᠠᠶᠢᠴᠠᠭᠠᠬᠤ ᠠᠵᠢᠯ ᠤᠨ ᠴᠢᠳᠠᠪᠤᠷᠢ ᠶᠢ | ᠥᠳᠲᠡᠷ ᠲᠦᠷᠭᠡᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠣᠶᠢᠯᠠᠭᠠᠵᠤ ᠡᠵᠡᠮᠳᠡᠬᠦ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠦᠨ᠂ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠠᠵᠢᠯ ᠤᠨ ᠤᠷ᠎ᠠ ᠴᠢᠳᠠᠪᠤᠷᠢ ᠪᠠᠨ | ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠰᠢᠰᠲ᠋ᠧᠮ ᠤᠨ ᠲᠣᠭᠤᠷᠢᠨ ᠪᠠᠶᠢᠴᠠᠭᠠᠬᠤ ᠠᠵᠢᠯ ᠤᠨ ᠴᠢᠨᠠᠷᠯᠢᠭ | ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠪᠠ᠃ | | | | | | | | | |