5 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 2025 ᠣᠨ ᠤ ᠲᠣᠭᠤᠷᠢᠨ ᠪᠠᠶᠢᠴᠠᠭᠠᠵᠤ ︽ᠪᠤᠴᠠᠨ | ᠬᠠᠷᠠᠬᠤ︾ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠰᠢᠨ᠎ᠡ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2025 ᠣᠨ ᠤ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠤᠨ ᠲᠣᠭᠤᠷᠢᠨ ᠪᠠᠶᠢᠴᠠᠭᠠᠵᠤ ︽ᠪᠤᠴᠠᠨ ᠬᠠᠷᠠᠬᠤ︾ ᠠᠵᠢᠯ ᠢ ᠳᠠᠶᠢᠴᠢᠯᠠᠵᠤ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ | ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠨᠥᠬᠦᠷ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ | ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠰᠤᠷᠭᠠᠨ ᠬᠥᠮᠦᠵᠢᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠯᠦ ᠶᠠᠨ ᠶᠠᠩ ᠨᠥᠬᠦᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ︽ᠪᠤᠴᠠᠨ ᠬᠠᠷᠠᠬᠤ︾ ᠠᠵᠢᠯ ᠤᠨ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠪᠠ ᠠᠵᠢᠯ ᠤᠨ | ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ | ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ | ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠨ᠂ ᠲᠣᠭᠤᠷᠢᠨ ᠪᠠᠶᠢᠴᠠᠭᠠᠬᠤ ᠠᠵᠢᠯ ᠢ | ᠥᠷᠨᠢᠭᠦᠯᠬᠦ ᠪᠣᠯ ᠰᠤᠷᠭᠠᠨ ᠬᠥᠮᠦᠵᠢᠯ ᠤᠨ ᠤᠯᠤᠰ ᠲᠥᠷᠦᠴᠢ ᠴᠢᠨᠠᠷ ᠢ ᠪᠠᠲᠤ ᠰᠠᠬᠢᠵᠤ᠂ ︽ᠬᠤᠶᠠᠷ ᠢ | ᠬᠠᠮᠠᠭᠠᠯᠠᠭᠰᠠᠨ︾ ᠢ ᠡᠷᠡᠰ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠰᠤᠷᠭᠠᠨ ᠬᠥᠮᠦᠵᠢᠯ ᠤᠨ ᠠᠷᠠᠳ | ᠲᠥᠮᠡᠨᠴᠢ ᠴᠢᠨᠠᠷ ᠢ ᠪᠠᠲᠤ ᠰᠠᠬᠢᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ | ᠡᠷᠬᠢᠯᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠰᠤᠷᠭᠠᠨ ᠬᠥᠮᠦᠵᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷ ᠢ | ᠪᠠᠲᠤ ᠰᠠᠬᠢᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠨ ᠲᠤᠯᠭᠠᠭᠤᠷᠢᠯᠠᠬᠤ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠵᠢᠯ ᠤᠨ ᠭᠤᠣᠯᠳᠠᠯᠭ᠎ᠠ ᠪᠣᠯᠤᠨ ᠠᠷᠭ᠎ᠠ ᠬᠡᠯᠪᠡᠷᠢ ᠶᠢ ᠡᠵᠡᠮᠳᠡᠵᠦ᠂ ᠲᠣᠭᠤᠷᠢᠨ | ᠪᠠᠶᠢᠴᠠᠭᠠᠭᠳᠠᠬᠤ ᠨᠢᠭᠡᠴᠢ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ᠬᠢᠨᠠᠯᠲᠠ | ᠲᠠᠯᠪᠢᠬᠤ ᠭᠤᠣᠯᠳᠠᠯᠭ᠎ᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠰᠠᠯᠠᠭ᠎ᠠ ᠮᠥᠴᠢᠷ ᠪᠣᠯᠤᠨ ᠵᠠᠩᠭᠢᠯᠠᠭ᠎ᠠ ᠶᠢᠨ | ᠴᠥᠭᠡᠨ ᠲᠣᠭᠠᠲᠠᠨ ᠢ ᠴᠢᠩᠭ᠎ᠠ ᠠᠩᠬᠠᠷᠤᠨ᠂ ᠪᠠᠭᠰᠢ ᠰᠤᠷᠤᠭᠴᠢᠳ ᠤᠨ ᠲᠤᠰᠬᠠᠯ ᠴᠢᠩᠭ᠎ᠠ ᠪᠠᠶᠢᠭ᠎ᠠ ᠳᠣᠪᠤᠶᠢᠮ᠎ᠠ | ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠠᠩᠬᠠᠷᠤᠨ᠂ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠡᠳᠡᠷᠭᠦ ᠱᠠᠭᠠᠷᠳᠠᠬᠤ | ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠢ | ᠬᠦᠴᠦᠲᠡᠢ ᠮᠥᠷᠲᠡᠭᠡᠨ ᠪᠦᠲᠦᠮᠵᠢᠲᠡᠢ ᠥᠷᠨᠢᠭᠦᠯᠬᠦ ᠶᠢ ᠪᠠᠲᠤᠯᠠᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠲᠣᠭᠤᠷᠢᠨ ᠪᠠᠶᠢᠴᠠᠭᠠᠬᠤ | ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠦᠢᠯᠡᠴᠢᠯᠡᠭᠡ ᠶᠢ ᠪᠠᠲᠤᠯᠠᠬᠤ ᠵᠡᠷᠭᠡ ᠡᠭᠦᠷᠭᠡ | ᠴᠢᠳᠠᠪᠬᠢ ᠶᠢ ᠰᠠᠶᠢᠲᠤᠷ ᠪᠡᠶᠡᠯᠡᠭᠦᠯᠦᠨ᠂ ᠪᠦᠬᠦ ᠲᠣᠭᠤᠷᠢᠨ ᠪᠠᠶᠢᠴᠠᠭᠠᠬᠤ ᠺᠠᠳ᠋ᠷ ᠰᠤᠷᠤᠯᠴᠠᠯᠭ᠎ᠠ ᠶᠢ ᠴᠢᠩᠭᠠᠳᠬᠠᠵᠤ᠂ | ᠴᠢᠳᠠᠪᠤᠷᠢ ᠶᠢᠨ ᠳᠤᠲᠠᠭᠤᠳᠠᠯ ᠢ ᠨᠥᠬᠦᠪᠦᠷᠢᠯᠡᠨ᠂ ᠲᠤᠷᠰᠢᠯᠭ᠎ᠠ ᠶᠢᠨ ᠪᠠᠯᠠᠢ ᠣᠷᠣᠨ ᠢ ᠠᠷᠢᠯᠭᠠᠵᠤ᠂ ᠠᠰᠠᠭᠤᠳᠠᠯ ᠢ | ᠢᠯᠡᠷᠡᠭᠦᠯᠬᠦ ᠴᠢᠳᠠᠪᠤᠷᠢ ᠪᠣᠯᠤᠨ ᠬᠢᠷᠢ ᠲᠦᠪᠰᠢᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠵᠢᠯ ᠢ | ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠠᠳᠬᠤᠨ᠂ ᠡᠨᠡ ᠤᠳᠠᠭᠠᠨ ᠤ ᠲᠣᠭᠤᠷᠢᠨ ᠪᠠᠶᠢᠴᠠᠭᠠᠵᠤ ︽ᠪᠤᠴᠠᠨ | ᠬᠠᠷᠠᠬᠤ︾ ᠠᠵᠢᠯ ᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ᠂ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠨ ᠤ ᠳᠣᠪᠤᠶᠢᠮ᠎ᠠ ᠠᠰᠠᠭᠤᠳᠠᠯ ᠢ | ᠰᠢᠰᠲ᠋ᠧᠮ ᠲᠠᠢ ᠴᠡᠭᠴᠡᠯᠡᠨ ᠵᠠᠰᠠᠬᠤ ᠵᠡᠷᠭᠡ ᠠᠵᠢᠯ ᠲᠠᠢ ᠤᠶᠠᠯᠳᠤᠭᠤᠯᠤᠨ᠂ ᠥᠪᠡᠷᠮᠢᠴᠡ ᠴᠢᠨᠠᠷᠲᠠᠢ ᠠᠰᠠᠭᠤᠳᠠᠯ ᠢ | ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠣᠪᠣᠷ ᠰᠤᠷᠲᠠᠯ ᠢ | ᠴᠢᠩᠳᠠᠯᠠᠵᠤ᠂ ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠡᠭᠦᠷᠭᠡ ᠬᠠᠷᠢᠭᠤᠴᠠᠯᠭ᠎ᠠ ᠶᠢ | ᠨᠠᠷᠢᠨ ᠬᠢᠨᠠᠮᠠᠭᠠᠢ ᠭᠦᠢᠴᠡᠳᠬᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠡᠨᠡ ᠤᠳᠠᠭᠠᠨ ᠤ ᠲᠣᠭᠤᠷᠢᠨ ᠪᠠᠶᠢᠴᠠᠭᠠᠵᠤ | ︽ᠪᠤᠴᠠᠨ ᠬᠠᠷᠠᠬᠤ︾ ᠠᠵᠢᠯ ᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯᠲᠠᠨ᠂ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠪᠦᠬᠦ ᠭᠡᠰᠢᠭᠦᠨ ᠡᠨᠡ ᠤᠳᠠᠭᠠᠨ ᠤ ᠬᠤᠷᠠᠯ ᠳᠤ ᠣᠷᠣᠯᠴᠠᠪᠠ᠃ | | | | | | |