5 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠡᠩ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠠᠬᠢᠭᠤᠯᠬᠤ ᠠᠵᠢᠯ ᠤᠨ ᠬᠤᠷᠠᠯ ᠢ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠬᠤᠤ ᠰᠢ ᠬᠤᠩ ᠬᠤᠷᠠᠯ ᠳᠤ | ᠣᠷᠣᠯᠴᠠᠭᠰᠠᠨ ᠪᠥᠭᠡᠳ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠠᠵᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ | ᠯᠢ ᠸᠧᠢ ᠬᠤᠷᠠᠯ ᠢ ᠡᠷᠬᠢᠯᠡᠪᠡ᠃ | | | | | | | | ᠬᠤᠷᠠᠯ ᠠᠴᠠ᠂ ᠪᠦᠬᠦ ᠣᠷᠣᠨ ᠤ ᠡᠯ᠎ᠡ ᠡᠩ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠬᠢᠨ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ᠤᠯᠤᠰ ᠤᠨ ᠪᠠᠶᠢᠯᠳᠤᠬᠤ ᠪᠣᠳᠣᠯᠭ᠎ᠠ ᠪᠣᠯᠤᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ | ᠦᠢᠯᠡᠴᠢᠯᠡᠬᠦ ᠪᠠᠷ ᠡᠭᠦᠷᠭᠡ ᠪᠣᠯᠭᠠᠵᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠶᠢ ᠰᠢᠪᠲᠤᠯᠬᠤ︾ ᠶᠢ ᠴᠢᠨᠠᠷᠯᠢᠭ ᠬᠥᠭᠵᠢᠯᠲᠡ ᠶᠢᠨ ᠠᠵᠠ ᠲᠣᠬᠢᠶᠠᠯ ᠪᠣᠯᠭᠠᠨ ᠠᠬᠢᠭᠤᠯᠬᠤ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠣᠷᠣᠨ ᠤ ᠳᠡᠭᠡᠳᠦ | ᠰᠤᠷᠭᠠᠭᠤᠯᠢ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠶᠢ ᠭᠦᠨᠵᠡᠭᠡᠢ ᠲᠠᠨᠢᠵᠤ᠂ ᠲᠤᠯᠭᠠᠮ ᠰᠡᠳᠬᠢᠯᠭᠡ | ᠪᠠ ᠡᠭᠦᠷᠭᠡᠲᠦ ᠰᠡᠳᠬᠢᠯᠭᠡ ᠶᠢ ᠦᠨᠡᠨ ᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ | ᠰᠠᠶᠢᠲᠤᠷ ᠠᠮᠢᠳᠤᠯᠢᠭ ᠢᠶᠠᠷ ᠬᠡᠷᠡᠭᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠵᠣᠬᠢᠶᠠᠨ ᠪᠠᠶᠢᠭᠤᠯᠤᠯᠲᠠ ᠲᠠᠢ ᠰᠢᠨᠵᠢᠯᠡᠬᠦ ᠤᠬᠠᠭᠠᠨ ᠤ | ᠰᠤᠳᠤᠯᠭᠠᠨ ᠤ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠤᠨ᠂ ᠳᠡᠭᠡᠳᠦ ᠰᠤᠷᠭᠠᠭᠤᠯᠢ ᠶᠢᠨ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠶᠢ ᠰᠢᠪᠲᠤᠯᠬᠤ︾ ᠶᠢ ᠦᠨᠡᠨ ᠬᠦ ᠳᠡᠭᠡᠳᠦ ᠰᠤᠷᠭᠠᠭᠤᠯᠢ ᠳᠤ ᠦᠨᠳᠦᠰᠦᠯᠡᠭᠦᠯᠵᠦ᠂ ᠴᠡᠴᠡᠭᠯᠡᠨ | ᠵᠢᠮᠢᠰᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠬᠤᠶᠠᠷ ᠶᠡᠭᠡ ᠶᠠᠪᠤᠳᠠᠯ ᠢᠶᠠᠷ ᠬᠥᠲᠥᠯᠦᠮᠵᠢ ᠪᠣᠯᠭᠠᠨ ᠰᠢᠪᠲᠤᠯᠤᠯᠲᠠ ᠶᠢᠨ ᠴᠡᠭ ᠢ ᠡᠷᠢᠨ ᠣᠯᠵᠤ᠂ ᠬᠡᠪ ᠤᠨ | ᠪᠤᠰᠤ ᠠᠷᠭ᠎ᠠ ᠬᠡᠮᠵᠢᠶ᠎ᠡ ᠠᠪᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠣᠷᠣᠭᠤᠯᠤᠯᠲᠠ᠂ ᠰᠢᠨᠵᠢᠯᠡᠬᠦ | ᠤᠬᠠᠭᠠᠨ ᠤ ᠰᠤᠳᠤᠯᠭᠠᠨ ᠤ ᠲᠠᠪᠴᠠᠩ᠂ ᠴᠢᠬᠤᠯᠠ ᠶᠡᠭᠡ ᠲᠥᠷᠥᠯ ᠵᠦᠢᠯ᠂ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ᠂ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ᠂ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ | ᠭᠤᠣᠯᠳᠠᠯᠭ᠎ᠠ ᠲᠠᠢ ᠠᠵᠢᠯ ᠤᠨ ︽ᠪᠦᠰᠡᠯᠡᠯᠲᠡ︾ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠮᠢ | ᠠᠬᠤᠢ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠥᠭᠡᠭᠡᠵᠦ ᠭᠦᠢᠴᠡᠨ ᠳᠠᠪᠠᠵᠤ ᠭᠠᠷᠬᠤ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠰᠢᠯᠭᠠᠨ ᠬᠢᠨᠠᠵᠤ ᠦᠨᠡᠯᠡᠬᠦ ᠶᠢ | ᠰᠠᠶᠢᠲᠤᠷ ᠠᠳᠬᠤᠵᠤ᠂ ︽ᠬᠠᠷᠠᠯᠲᠠ ᠶᠢ ᠲᠣᠭᠠᠴᠢᠯᠠᠬᠤ᠂ ᠡᠭᠦᠷᠭᠡ ᠶᠢ ᠨᠠᠷᠢᠨ ᠲᠠᠩᠰᠠᠵᠢᠭᠤᠯᠬᠤ᠂ ᠵᠠᠩᠭᠢᠯᠠᠭ᠎ᠠ ᠶᠢᠨ | ᠴᠡᠭ ᠢ ᠲᠣᠳᠣᠷᠬᠠᠶᠢᠯᠠᠬᠤ︾ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠵᠢᠯ ᠤᠨ ᠰᠢᠯᠭᠠᠨ ᠦᠨᠡᠯᠡᠬᠦ ᠳᠤ ᠣᠷᠣᠭᠤᠯᠵᠤ᠂ ᠬᠦᠴᠢᠷ | ᠠᠰᠠᠭᠤᠳᠠᠯ ᠳᠤ ︽ᠫᠠᠶᠢᠰᠠ ᠡᠯᠭᠦᠨ ᠰᠢᠪᠠᠳᠠᠭᠤᠯᠤᠨ ᠭᠦᠢᠴᠡᠳᠬᠡᠬᠦ︾ ᠶᠢ ᠬᠡᠷᠡᠭᠵᠢᠭᠦᠯᠵᠦ᠂ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ ᠳᠤ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠲᠥᠪ ᠪᠣᠯᠤᠨ | ᠤᠶᠤᠲᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠠᠷᠠᠮ᠂ ᠬᠥᠬᠡᠬᠤᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠷᠳᠣᠰ ᠬᠤᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢ ᠲᠤᠬᠠᠢ ᠶᠢᠨ | ᠭᠠᠵᠠᠷ ᠲᠤ ᠨᠢ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ᠂ ᠣᠷᠳᠣᠰ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠭᠤᠣᠯ | ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ 19 ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ | ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | |