ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/5/13
      ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠎ ᠶᠢ ᠳᠡᠭᠡᠭᠰᠢᠯᠡᠭᠦᠯᠦᠨ᠂ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠦᠭᠡ᠂ 5 ᠳ᠋ᠤᠭᠠᠷ ᠰᠠᠷ᠎ᠠ ᠶᠢᠨ 12᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠭᠠᠯ ᠰᠡᠷᠭᠡᠶᠢᠯᠡᠵᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ᠂ ᠠᠯᠠᠱᠠ ᠠᠶᠢᠮᠠᠭ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠢ ᠡᠷᠬᠢᠯᠡᠵᠦ᠂ ᠠᠵᠢᠯᠯᠠᠭ᠎ᠠ ᠶᠢᠨ ᠠᠬᠤᠢ ᠲᠠᠯᠠᠪᠠᠢ ᠳᠤ ᠭᠠᠵᠠᠷ ᠬᠥᠳᠡᠯᠦᠯᠲᠡ ᠶᠢᠨ ᠭᠠᠮᠰᠢᠭ ᠠᠴᠠ ᠲᠠᠷᠬᠠᠭᠠᠨ ᠵᠠᠶᠢᠯᠠᠭᠤᠯᠬᠤ ᠪᠠ ᠪᠠᠴᠢᠮ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠰᠣᠷᠢᠯᠲᠠ ᠶᠢ ᠵᠣᠬᠢᠶᠠᠨ ᠪᠠᠶᠢᠭᠤᠯᠪᠠ᠃   

1.jpg

      ᠡᠨᠡ ᠤᠳᠠᠭᠠᠨ ᠤ ᠪᠣᠳᠠᠲᠤ ᠰᠣᠷᠢᠯᠲᠠ ᠨᠢ 5 ᠳ᠋ᠤᠭᠠᠷ ᠰᠠᠷ᠎ᠠ ᠶᠢᠨ 12᠎ ᠤᠨ ᠡᠳᠦᠷ ᠤᠨ 09 ᠴᠠᠭ 05

ᠮᠢᠨᠦ᠋ᠲ ᠲᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠳᠤ 6.5 ᠲᠠᠰ ᠤᠨ ᠭᠠᠵᠠᠷ ᠬᠥᠳᠡᠯᠵᠦ᠂

ᠭᠠᠵᠠᠷ ᠬᠥᠳᠡᠯᠦᠯᠲᠡ ᠶᠢᠨ ᠡᠭᠦᠰᠦᠯ ᠤᠨ ᠴᠡᠭ 10 ᠺᠢᠯᠤᠮᠧᠲᠷ ᠭᠦᠨ ᠪᠣᠯᠬᠤ ᠪᠠᠴᠢᠮ ᠪᠠᠶᠢᠳᠠᠯ ᠢ  ᠳᠠᠭᠤᠷᠢᠶᠠᠨ

ᠶᠠᠪᠤᠭᠳᠠᠭᠤᠯᠪᠠ᠃ ᠭᠠᠵᠠᠷ ᠬᠥᠳᠡᠯᠦᠯᠲᠡ ᠠᠴᠠ ᠪᠣᠯᠵᠤ ᠰᠤᠷᠭᠠᠭᠤᠯᠢ ᠶᠢᠨ ᠭᠠᠳᠠᠭᠰᠢ ᠨᠡᠪᠲᠡᠷᠡᠬᠦ ᠵᠠᠮ ᠲᠠᠰᠤᠷᠠᠵᠤ᠂

ᠬᠡᠰᠡᠭ ᠭᠡᠷ ᠪᠠᠶᠢᠰᠢᠩ ᠨᠤᠷᠠᠨ᠂ ᠬᠡᠰᠡᠭ ᠪᠠᠭᠰᠢ ᠰᠤᠷᠤᠭᠴᠢᠳ ᠬᠠᠰᠢᠭᠳᠠᠪᠠ᠃ ᠭᠠᠮᠰᠢᠭ ᠤᠨ ᠪᠠᠶᠢᠳᠠᠯ

ᠡᠭᠦᠰᠦᠭᠰᠡᠨ ᠤ ᠳᠠᠷᠠᠭ᠎ᠠ᠂ ᠭᠠᠮᠰᠢᠭᠳᠠᠭᠰᠠᠨ ᠪᠠᠭᠰᠢ ᠰᠤᠷᠤᠭᠴᠢᠳ ᠦᠳᠲᠡᠷ ᠲᠦᠷᠭᠡᠨ ᠬᠠᠷᠢᠭᠤ ᠲᠤᠰᠬᠠᠵᠤ᠂

ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ᠂ ᠲᠠᠷᠬᠠᠭᠠᠵᠤ ᠠᠮᠢ ᠵᠢᠭᠤᠲᠠᠬᠤ ᠪᠠ

ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ᠂ ᠬᠠᠮᠢᠶ᠎ᠠ ᠪᠦᠬᠦᠢ

ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠰᠢᠷᠬᠠᠲᠠᠨ ᠢ ᠵᠦᠭᠡᠭᠡᠪᠦᠷᠢᠯᠡᠨ

ᠰᠢᠯᠵᠢᠭᠦᠯᠬᠦ᠂ ᠨᠤᠷᠠᠵᠤ ᠳᠠᠷᠤᠭᠳᠠᠭᠰᠠᠳ ᠢ ᠡᠷᠢᠵᠦ ᠠᠪᠤᠷᠠᠬᠤ᠂ ᠲᠦᠷ ᠴᠠᠭ ᠠᠪᠤᠷᠠᠨ ᠡᠮᠨᠡᠬᠦ᠂ ᠭᠠᠯ ᠰᠡᠷᠭᠡᠶᠢᠯᠡᠵᠦ

ᠭᠠᠯ ᠤᠨᠲᠠᠷᠠᠭᠠᠬᠤ᠂ ᠮᠠᠶᠢᠬᠠᠨ ᠪᠣᠰᠬᠠᠬᠤ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ

ᠲᠤᠰᠠᠯᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃

     ᠰᠣᠷᠢᠯᠲᠠ ᠶᠢᠨ ᠶᠠᠪᠤᠴᠠ ᠳᠤ᠂ ︽ᠰᠢᠵᠢᠷ ᠠᠯᠲᠠᠨ ᠭᠤᠷᠪᠠᠯᠵᠢᠨ ᠠᠶᠤᠯ ᠠᠴᠠ ᠵᠠᠶᠢᠯᠠᠭᠤᠯᠬᠤ ᠠᠷᠭ᠎ᠠ︾᠂

︽ᠨᠢᠭᠡ ᠳᠣᠣᠷ᠎ᠠ ᠬᠤᠶᠠᠷ ᠤᠳᠠᠭᠠᠨ ᠭᠤᠷᠪᠠ ᠥᠩᠭᠡᠷᠡᠬᠦ︾ ᠲᠠᠷᠬᠠᠭᠠᠬᠤ ᠵᠠᠷᠴᠢᠮ ᠪᠠ ᠰᠢᠷᠬ᠎ᠠ ᠰᠣᠷᠪᠢ ᠶᠢ

ᠪᠠᠶᠢᠴᠠᠭᠠᠵᠤ ᠲᠥᠷᠥᠯ ᠬᠤᠪᠢᠶᠠᠬᠤ᠂ ᠵᠢᠷᠦᠬᠡ ᠠᠭᠤᠰᠬᠢᠨ ᠤ ᠰᠡᠷᠭᠦᠯᠲᠡ᠂ ᠪᠡᠷᠲᠡᠭᠰᠡᠨ ᠰᠢᠷᠬ᠎ᠠ ᠶᠢ ᠪᠣᠭᠤᠬᠤ ᠵᠡᠷᠭᠡ

ᠭᠠᠮᠰᠢᠭ ᠢ ᠰᠡᠷᠭᠡᠶᠢᠯᠡᠵᠦ ᠭᠠᠮᠰᠢᠭ ᠎ ᠢ ᠪᠠᠭᠠᠰᠬᠠᠬᠤ ᠮᠡᠳᠡᠯᠭᠡ ᠪᠠ ᠤᠷ᠎ᠠ ᠴᠢᠳᠠᠪᠤᠷᠢ ᠶᠢ ᠠᠮᠢᠳᠤᠯᠢᠭ ᠳᠡᠯᠭᠡᠨ

ᠦᠵᠡᠭᠦᠯᠵᠦ᠂ ᠰᠣᠷᠢᠯᠲᠠ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠤᠨ ᠲᠤᠰᠬᠠᠯ ᠲᠦᠷᠭᠡᠨ᠂ ᠬᠠᠮᠵᠢᠯᠴᠠᠭ᠎ᠠ ᠡᠮᠬᠢ

ᠵᠢᠷᠤᠮ ᠲᠠᠢ᠂ ᠶᠠᠪᠤᠴᠠ ᠨᠠᠷᠢᠨ ᠨᠢᠭᠲᠠ ᠪᠠᠶᠢᠵᠤ᠂ ᠪᠦᠬᠦ᠋ᠢᠯᠡ ᠰᠣᠷᠢᠯᠲᠠ ᠵᠢᠱᠢᠭᠰᠡᠨ ᠦᠷ᠎ᠡ ᠪᠦᠲᠦᠮᠵᠢ ᠳᠤ ᠬᠦᠷᠴᠡᠢ᠃

       

2.jpg

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠰᠡᠷᠭᠡᠶᠢᠯᠡᠬᠦ ᠪᠠᠷ

ᠭᠤᠣᠯ ᠪᠣᠯᠭᠠᠬᠤ᠂ ᠰᠡᠷᠭᠡᠶᠢᠯᠡᠵᠦ ᠲᠡᠮᠡᠴᠡᠵᠦ ᠠᠪᠤᠷᠠᠬᠤ ᠶᠢ ᠬᠠᠷᠢᠯᠴᠠᠨ ᠤᠶᠠᠯᠳᠤᠭᠤᠯᠬᠤ︾ ᠠᠵᠢᠯ ᠤᠨ ᠴᠢᠭᠯᠡᠯᠲᠡ

ᠪᠣᠯᠤᠨ ︽ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠪᠣᠯᠬᠤ ᠠᠴᠠ

ᠡᠮᠦᠨ᠎ᠡ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠳᠠᠩ ᠭᠠᠭᠴᠠ ᠭᠠᠮᠰᠢᠭ ᠢ ᠠᠷᠭᠠᠴᠠᠵᠤ

ᠪᠠᠶᠢᠭᠰᠠᠨ ᠢ ᠭᠠᠮᠰᠢᠭ ᠢ ᠪᠠᠭᠠᠰᠬᠠᠬᠤ ᠲᠡᠶᠢᠰᠢ ᠬᠤᠪᠢᠷᠠᠭᠤᠯᠤᠨ᠂ ᠭᠠᠮᠰᠢᠭ ᠤᠨ ᠬᠤᠬᠢᠷᠠᠯ ᠢ ᠪᠠᠭᠠᠰᠬᠠᠵᠤ

ᠪᠠᠶᠢᠭᠰᠠᠨ ᠢ ᠭᠠᠮᠰᠢᠭ ᠤᠨ ᠲᠦᠭᠰᠢᠭᠦᠷᠢ ᠶᠢ ᠬᠥᠩᠭᠡᠷᠡᠭᠦᠯᠬᠦ ᠲᠡᠶᠢᠰᠢ ᠬᠤᠪᠢᠷᠠᠭᠤᠯᠬᠤ︾ ᠠᠵᠢᠯ ᠤᠨ ᠴᠢᠭᠯᠡᠯ ᠢ

ᠨᠠᠷᠢᠨ ᠨᠢᠮᠪᠠᠢ ᠲᠤᠭᠤᠰᠢᠯᠠᠭᠤᠯᠤᠨ ᠬᠡᠷᠡᠭᠵᠢᠭᠦᠯᠵᠦ᠂ ᠢᠮᠠᠭᠲᠠ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ

ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ

ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠭᠠᠵᠠᠷ ᠎ ᠤᠨ ᠡᠯ᠎ᠡ

ᠰᠤᠷᠭᠠᠭᠤᠯᠢ ᠶᠢᠨ ᠬᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ

ᠴᠢᠩᠭᠠᠳᠬᠠᠵᠤ᠂ ᠬᠠᠷᠢᠶ᠎ᠠ ᠭᠠᠵᠠᠷ ᠤᠨ ᠠᠳᠠᠯ ᠪᠠ ᠭᠠᠮᠰᠢᠭ ᠤᠨ ᠲᠦᠭᠰᠢᠭᠦᠷᠢ ᠶᠢᠨ ᠪᠠᠶᠢᠳᠠᠯ ᠵᠢᠴᠢ ᠠᠶᠤᠯ ᠦᠭᠡᠢ

ᠦᠢᠯᠡᠳᠪᠦᠷᠢᠯᠡᠯ ᠤᠨ ᠪᠠᠶᠢᠳᠠᠯ ᠲᠠᠢ ᠤᠶᠠᠯᠳᠤᠭᠤᠯᠤᠨ᠂ ︽ᠡᠩ ᠤᠨ ᠦᠶ᠎ᠡ ᠳᠤ ᠰᠣᠷᠢᠯᠲᠠ ᠶᠢ ᠵᠢᠷᠤᠮᠵᠢᠭᠤᠯᠬᠤ ᠨᠢ

ᠪᠠᠴᠢᠮ ᠦᠶ᠎ᠡ ᠳᠤ ᠦᠨᠡᠨ ᠬᠦ ᠲᠤᠰᠠᠲᠠᠢ︾ ᠪᠠᠶᠢᠬᠤ ᠱᠠᠭᠠᠷᠳᠠᠯᠭ᠎ᠠ ᠶᠣᠰᠣᠭᠠᠷ᠂ ᠣᠯᠠᠨ ᠶᠠᠩᠵᠤ ᠶᠢᠨ ᠭᠡᠨᠡᠳᠲᠡ ᠶᠢᠨ

ᠪᠠᠶᠢᠳᠠᠯ ᠢ ᠳᠣᠭᠢᠷᠠᠭᠤᠯᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ

ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ

ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ

ᠲᠣᠭᠲᠠᠴᠠ ᠶᠢ ᠲᠡᠭᠦᠯᠳᠡᠷᠵᠢᠭᠦᠯᠦᠨ᠂ ᠬᠡᠲᠦᠷᠡᠮᠡᠬᠡᠢ ᠭᠠᠮᠰᠢᠭ ᠤᠨ ᠨᠥᠬᠦᠴᠡᠯ ᠳᠣᠣᠷ᠎ᠠ ᠠᠮᠤᠷ ᠲᠦᠪᠰᠢᠨ

ᠠᠵᠢᠯᠯᠠᠬᠤ ᠶᠢ ᠰᠦᠷᠳᠡᠭᠦᠯᠵᠦ ᠮᠡᠳᠡᠬᠦ ᠢᠯᠡᠷᠬᠡᠢ ᠲᠦᠭᠰᠢᠭᠦᠷᠢ ᠶᠢ ᠣᠨᠣᠪᠴᠢᠲᠠᠢ ᠢᠯᠭᠠᠨ ᠲᠠᠨᠢᠵᠤ᠂ ᠠᠷᠭᠠᠴᠠᠬᠤ

ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠨ ᠲᠡᠭᠦᠯᠳᠡᠷᠵᠢᠭᠦᠯᠵᠦ᠂ ᠭᠠᠮᠰᠢᠭ ᠤᠨ ᠲᠦᠭᠰᠢᠭᠦᠷᠢ ᠶᠢᠨ ᠳᠠᠯᠳᠠ

ᠭᠡᠮ ᠢ ᠡᠭᠦᠰᠬᠦ ᠲᠠᠢ ᠵᠡᠷᠭᠡ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ

ᠨᠥᠭᠡᠴᠡᠯᠡᠯᠲᠡ ᠶᠢ ᠴᠢᠩᠭᠠᠳᠬᠠᠵᠤ᠂ ︽ᠪᠡᠯᠡᠳᠬᠡᠬᠦ ᠠᠴᠠ ᠪᠢᠰᠢ ᠬᠡᠷᠡᠭᠯᠡᠬᠦ ᠦᠭᠡᠢ᠂ ᠬᠡᠷᠡᠭᠯᠡᠬᠦ ᠠᠴᠠ ᠪᠢᠰᠢ ᠪᠡᠯᠡᠳᠬᠡᠯ

ᠦᠭᠡᠢ ᠪᠠᠶᠢᠵᠤ ᠪᠣᠯᠬᠤ ᠦᠭᠡᠢ︾ ᠵᠠᠷᠴᠢᠮ ᠶᠣᠰᠣᠭᠠᠷ᠂ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠬᠤ ᠡᠳ᠋

ᠪᠣᠳᠠᠰ ᠪᠠ ᠲᠥᠬᠦᠭᠡᠷᠦᠮᠵᠢ ᠶᠢ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ ᠪᠠ

ᠬᠠᠮᠠᠭᠠᠯᠠᠵᠤ᠂ ᠪᠦᠷᠢᠨ ᠭᠦᠢᠴᠡᠳ ᠮᠥᠷᠲᠡᠭᠡᠨ ᠪᠦᠲᠦᠮᠵᠢᠲᠡᠢ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠴᠢᠮ

ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ᠂ ᠠᠷᠤ ᠲᠠᠯ᠎ᠠ ᠶᠢᠨ ᠦᠢᠯᠡᠴᠢᠯᠡᠭᠡᠨ

᠎ ᠤ ᠠᠵᠢᠯᠲᠠᠨ ᠵᠡᠷᠭᠡ ᠪᠠᠷ ᠪᠦᠷᠢᠯᠳᠦᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ

ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠪᠣᠳᠠᠲᠤ ᠰᠣᠷᠢᠯᠲᠠ ᠶᠢ ᠴᠢᠩᠭᠠᠳᠬᠠᠨ᠂ ᠪᠠᠴᠢᠮ

ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠪᠠ ᠪᠠᠴᠢᠮ

ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ

ᠴᠢᠩᠭᠠᠳᠬᠠᠵᠤ᠂ ᠰᠤᠷᠤᠭᠴᠢᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠭᠡᠷ ᠤᠨ

ᠠᠬᠠᠮᠠᠳ ᠪᠣᠯᠤᠨ ᠨᠡᠶᠢᠭᠡᠮ ᠳᠤ ᠤᠯᠠᠮᠵᠢᠯᠠᠨ ᠳᠠᠮᠵᠢᠭᠤᠯᠬᠤ ᠶᠢ ᠵᠣᠷᠢᠭᠵᠢᠭᠤᠯᠵᠤ᠂ ︽ᠨᠢᠭᠡ ᠬᠥᠮᠦᠨ ᠢ ᠬᠥᠮᠦᠵᠢᠭᠦᠯᠵᠦ᠂

ᠨᠢᠭᠡ ᠭᠡᠷ ᠢ ᠨᠥᠯᠥᠭᠡᠯᠡᠵᠦ᠂ ᠨᠢᠭᠡ ᠬᠡᠰᠡᠭ ᠢ ᠨᠥᠯᠥᠭᠡᠯᠡᠬᠦ︾ ᠰᠠᠶᠢᠨ ᠰᠠᠶᠢᠬᠠᠨ ᠤᠬᠠᠭᠤᠯᠭ᠎ᠠ ᠬᠥᠮᠦᠵᠢᠯ ᠤᠨ ᠦᠷ᠎ᠡ

ᠪᠦᠲᠦᠮᠵᠢ ᠶᠢ ᠪᠣᠢ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠳᠤ

ᠬᠠᠮᠲᠤ ᠳᠤ ᠪᠠᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号