5 ᠳ᠋ᠤᠭᠠᠷ ᠰᠠᠷ᠎ᠠ ᠶᠢᠨ 7 - 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠶᠢᠨ ᠵᠢᠭᠠᠬᠤ ᠶᠢ ᠰᠤᠳᠤᠯᠤᠭᠴᠢ ᠶᠢᠨ ᠲᠤᠰᠬᠠᠢ ᠮᠡᠷᠭᠡᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠲᠤ | ᠡᠷᠬᠢᠯᠡᠪᠡ᠃ ᠡᠨᠡ ᠤᠳᠠᠭᠠᠨ ᠤ ᠪᠣᠯᠪᠠᠰᠤᠷᠠᠯ ᠳᠤ ᠤᠤᠯ ᠤᠨ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠭᠠᠵᠠᠷ ᠤᠨ | ᠳᠠᠷᠤᠭ᠎ᠠ ᠡᠤ ᠵᠢᠶᠠᠨ ︵ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠪᠡᠶ᠎ᠡ ᠶᠢᠨ ᠲᠠᠮᠢᠷ ᠪᠣᠯᠤᠨ | ᠡᠷᠡᠭᠦᠯ ᠬᠠᠮᠠᠭᠠᠯᠠᠯ ᠤᠨ ᠬᠤᠪᠢᠶᠠᠷᠢ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ᠂ ᠪᠦᠬᠦ ᠤᠯᠤᠰ ᠤᠨ | ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠵᠢᠯᠣᠭᠤᠳᠬᠤ ᠵᠥᠪᠯᠡᠯ ᠤᠨ | ᠳᠡᠳ᠋ ᠨᠠᠷᠢᠨ ᠪᠢᠴᠢᠭ ᠤᠨ ᠳᠠᠷᠤᠭ᠎ᠠ︶᠂ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠸᠠᠩ | ᠰᠢᠶᠣᠤ ᠽᠠᠨ ︵ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠤᠯᠠ ᠶᠢᠨ ᠠᠯᠪᠠᠨ ᠭᠡᠷ ᠤᠨ ᠪᠡᠶ᠎ᠡ ᠶᠢᠨ | ᠲᠠᠮᠢᠷ ᠤᠨ ᠰᠢᠨᠵᠢᠯᠡᠭᠡᠨ ᠤ ᠰᠠᠯᠠᠭᠠᠨ ᠤ ᠦᠨᠡᠯᠡᠨ ᠶᠠᠷᠢᠯᠴᠠᠬᠤ ᠳᠤᠭᠤᠶᠢᠯᠠᠩ ᠤᠨ ᠬᠡᠰᠢᠭᠦᠨ᠂ ᠰᠤᠷᠭᠠᠨ | ᠬᠥᠮᠦᠵᠢᠯ ᠤᠨ ᠶᠠᠮᠤᠨ ᠤ ᠴᠠᠩ ᠵᠢᠶᠠᠩ ᠡᠷᠳᠡᠮᠲᠡᠳ ᠤᠨ ᠣᠨᠴᠠ ᠤᠷᠢᠭᠰᠠᠨ ᠫᠷᠤᠹᠧᠰᠰᠤᠷ︶᠂ ᠴᠦᠩᠴᠢᠩ | ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠶ᠎ᠡ ᠶᠢᠨ ᠲᠠᠮᠢᠷ ᠤᠨ ᠵᠢᠭᠠᠬᠤ ᠶᠢ | ᠰᠤᠳᠤᠯᠤᠭᠴᠢ ᠨᠢᠦ ᠰᠢᠶᠣᠤ ᠵᠡᠷᠭᠡ ᠪᠦᠬᠦ ᠤᠯᠤᠰ ᠤᠨ ᠠᠵᠢᠯ ᠲᠥᠷᠥᠯ ᠤᠨ ᠨᠡᠷᠡᠲᠦ ᠲᠤᠰᠬᠠᠢ ᠮᠡᠷᠭᠡᠵᠢᠯᠲᠡᠨ ᠢ | ᠣᠨᠴᠠ ᠤᠷᠢᠵᠤ᠂ ᠡᠯ᠎ᠡ ᠠᠶᠢᠮᠠᠭ ᠬᠤᠲᠠ ᠵᠢᠴᠢ ᠬᠤᠰᠢᠭᠤ ᠰᠢᠶᠠᠨ ᠲᠣᠭᠤᠷᠢᠭ ᠠᠴᠠ ᠢᠷᠡᠭᠰᠡᠨ 130 ᠵᠢᠭᠠᠬᠤ ᠶᠢ | ᠰᠤᠳᠤᠯᠤᠭᠴᠢ ᠲᠠᠢ ᠬᠠᠮᠲᠤ ᠳᠤ ᠪᠠᠨ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠶᠢᠨ ᠰᠢᠨᠵᠢᠯᠡᠭᠡᠨ ᠤ ᠰᠠᠯᠠᠭᠠᠨ ᠤ | ᠰᠤᠷᠭᠠᠨ ᠬᠥᠮᠦᠵᠢᠯ ᠤᠨ ᠰᠢᠨ᠎ᠡ ᠴᠢᠭᠯᠡᠯ ᠢ ᠡᠷᠢᠯᠬᠢᠯᠡᠪᠡ᠃ | ᠥᠪᠥᠷ ᠮᠣᠩᠭᠤᠯ ᠤᠨ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠶᠢᠨ ᠵᠢᠭᠠᠬᠤ ᠶᠢ ᠰᠣᠳᠤᠯᠤᠭᠴᠢ ᠶᠢᠨ | ᠪᠣᠯᠪᠠᠰᠤᠷᠠᠯ ᠨᠢ ᠣᠷᠣᠨ ᠪᠦᠰᠡ ᠠᠯᠤᠰᠯᠠᠨ ᠬᠤᠯᠪᠤᠯᠳᠤᠨ ᠬᠥᠳᠡᠯᠦᠯᠴᠡᠬᠦ ᠪᠠᠷ ᠭᠤᠣᠯ ᠪᠣᠯᠭᠠᠵᠤ᠂ ᠣᠯᠠᠨ | ᠡᠰᠢᠵᠢᠭᠦᠯᠦᠭᠰᠡᠨ ᠰᠤᠷᠤᠯᠴᠠᠬᠤ ᠲᠠᠪᠴᠠᠩ ᠢ ᠪᠠᠶᠢᠭᠤᠯᠪᠠ᠃ ᠠᠵᠢᠯᠯᠠᠭ᠎ᠠ ᠶᠢ ᠲᠤᠰᠬᠠᠢ ᠮᠡᠷᠭᠡᠵᠢᠯᠲᠡᠨ ᠲᠠᠶᠢᠯᠤᠮᠵᠢ | ᠬᠢᠬᠦ᠂ ᠨᠠᠷᠠᠨ ᠭᠡᠷᠡᠯᠲᠦ ᠶᠡᠭᠡ ᠬᠢᠴᠢᠶᠡᠯ ᠤᠨ ᠵᠠᠪᠰᠠᠷᠯᠠᠭ᠎ᠠ ᠶᠢ ᠳᠡᠯᠭᠡᠨ ᠦᠵᠡᠭᠦᠯᠬᠦ᠂ ᠮᠤᠵᠢ ᠠᠯᠤᠰᠯᠠᠨ ᠬᠢᠴᠢᠶᠡᠯ ᠤᠨ | ᠵᠢᠱᠢᠶ᠎ᠡ ᠶᠢ ᠰᠤᠳᠤᠯᠤᠨ ᠶᠠᠷᠢᠯᠴᠠᠬᠤ ᠵᠡᠷᠭᠡ ᠳᠤ ᠠᠭᠤᠰᠬᠠᠵᠤ᠂ ᠡᠮᠦᠨ᠎ᠡ ᠵᠠᠬ᠎ᠠ ᠶᠢᠨ ᠣᠶᠢᠯᠠᠭᠠᠭᠳᠠᠬᠤᠨ᠂ ᠵᠢᠭᠠᠨ | ᠰᠤᠷᠭᠠᠯᠲᠠ ᠶᠢᠨ ᠠᠷᠭ᠎ᠠ᠂ ᠬᠢᠴᠢᠶᠡᠯ ᠤᠨ ᠦᠨᠡᠯᠡᠯᠲᠡ ᠵᠡᠷᠭᠡ ᠲᠠᠯ᠎ᠠ ᠠᠴᠠ ᠵᠢᠭᠠᠬᠤ ᠶᠢ ᠰᠤᠳᠤᠯᠬᠤ ᠴᠢᠳᠠᠪᠤᠷᠢ ᠶᠢ | ᠳᠡᠭᠡᠭᠰᠢᠯᠡᠭᠦᠯᠪᠡ᠃ ︽ᠯᠧ ᠳ᠋ᠦᠨ ᠳ᠋ᠦᠨ︾ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠲᠥᠷᠥᠯ ᠵᠦᠢᠯ ᠪᠣᠯᠤᠨ | ᠶᠡᠭᠡ ᠬᠢᠴᠢᠶᠡᠯ ᠤᠨ ᠬᠤᠭᠤᠷᠣᠨᠳᠣᠬᠢ ᠦᠢᠯᠡᠳᠦᠯᠭᠡ ᠡᠳᠦᠷ ᠪᠦᠷᠢ 2 ᠴᠠᠭ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠨᠠᠶᠢᠳᠠᠪᠤᠷᠢᠵᠢᠭᠤᠯᠬᠤ ᠳᠤ ᠵᠢᠱᠢᠶ᠎ᠡ ᠦᠵᠡᠭᠦᠯᠪᠡ︔ ᠥᠪᠥᠷ ᠮᠣᠩᠭᠤᠯ ᠪᠠ ᠶᠦᠨᠨᠠᠨ ᠤ ᠣᠨᠴᠠᠯᠢᠭᠲᠤ | ᠬᠢᠴᠢᠶᠡᠯ ᠤᠨ ᠵᠢᠱᠢᠶ᠎ᠡ ᠶᠢ ᠭᠦᠨᠵᠡᠭᠡᠢ ᠰᠣᠯᠢᠯᠴᠠᠵᠤ᠂ ᠰᠡᠳᠬᠢᠬᠦᠢ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ | ᠲᠤᠷᠰᠢᠯᠭ᠎ᠠ ᠪᠠᠨ ᠲᠣᠯᠢᠯᠠᠭᠤᠯᠬᠤ ᠶᠢ ᠪᠡᠶᠡᠯᠡᠭᠦᠯᠪᠡ᠃ ᠡᠨᠡ ᠤᠳᠠᠭᠠᠨ ᠤ ᠪᠣᠯᠪᠠᠰᠤᠷᠠᠯ ᠨᠢ ᠬᠤᠶᠠᠷ ᠭᠠᠵᠠᠷ ᠤᠨ | ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠣᠯᠢᠯᠴᠠᠭ᠎ᠠ ᠶᠢ | ᠠᠬᠢᠭᠤᠯᠤᠭᠰᠠᠨ ᠢᠶᠠᠷ ᠪᠠᠷᠠᠬᠤ ᠦᠭᠡᠢ᠂ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠤᠨ ᠰᠢᠨ᠎ᠡ ᠠᠮᠢ ᠠᠬᠤᠢ ᠶᠢ | ᠬᠠᠮᠵᠢᠨ ᠰᠦᠪᠡᠭᠴᠢᠯᠡᠵᠦ᠂ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠴᠢᠨᠠᠷᠯᠢᠭ | ᠬᠥᠭᠵᠢᠯᠲᠡ ᠳᠤ ᠬᠦᠴᠦᠨ ᠨᠡᠮᠡᠷᠢᠯᠡᠪᠡ᠃ | | | | | | | | | | | | ᠭᠤᠷᠪᠠᠨ ᠡᠳᠦᠷ ᠤᠨ ᠪᠣᠯᠪᠠᠰᠤᠷᠠᠯ ᠳᠤ᠂ ᠲᠤᠰᠬᠠᠢ ᠮᠡᠷᠭᠡᠵᠢᠯᠲᠡᠨ ᠣᠨᠣᠯ ᠢ ᠦᠢᠯᠡᠳᠦᠯᠭᠡ ᠲᠠᠢ | ᠤᠶᠠᠯᠳᠤᠭᠤᠯᠤᠨ᠂ ᠵᠢᠭᠠᠬᠤ ᠶᠢ ᠰᠤᠳᠤᠯᠤᠭᠴᠢᠳ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠥᠷᠲᠡᠭ ᠤᠨ | ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠪᠡ᠃ | | | | | | | | ᠡᠨᠡ ᠤᠳᠠᠭᠠᠨ ᠤ ᠪᠣᠯᠪᠠᠰᠤᠷᠠᠯ ᠣᠨᠣᠯ ᠪᠠ ᠦᠢᠯᠡᠳᠦᠯᠭᠡ ᠶᠢᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠵᠤ᠂ | ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠶᠢᠨ ᠰᠢᠨᠵᠢᠯᠡᠭᠡᠨ ᠤ ᠰᠠᠯᠠᠭᠠᠨ ᠤ ᠵᠢᠭᠠᠬᠤ ᠶᠢ ᠰᠤᠳᠤᠯᠤᠭᠴᠢ ᠳᠤ ᠲᠤᠰᠬᠠᠢ | ᠮᠡᠷᠭᠡᠵᠢᠯ ᠤᠨ ᠪᠤᠶᠢᠵᠢᠯᠲᠠ ᠶᠢᠨ ᠱᠠᠲᠤ ᠶᠢ ᠪᠠᠶᠢᠭᠤᠯᠤᠨ ᠥᠭᠴᠦ᠂ ᠰᠤᠷᠭᠠᠨ ᠬᠥᠮᠦᠵᠢᠯ ᠤᠨ ᠬᠠᠷᠠᠭᠠᠰᠤ ᠶᠢ | ᠪᠦᠲᠦᠮᠵᠢᠲᠡᠢ ᠥᠷᠭᠡᠳᠬᠡᠨ᠂ ᠵᠢᠭᠠᠬᠤ ᠶᠢ ᠰᠤᠳᠤᠯᠬᠤ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ ᠪᠣᠯᠪᠠᠰᠤᠷᠠᠯ ᠳᠤ | ᠣᠷᠣᠯᠴᠠᠭᠰᠠᠨ ᠵᠢᠭᠠᠬᠤ ᠶᠢ ᠰᠣᠳᠤᠯᠤᠭᠴᠢᠳ ᠭᠦᠨ ᠡᠵᠡᠮᠳᠡᠭᠰᠡᠨ ᠡᠮᠦᠨ᠎ᠡ ᠵᠠᠬ᠎ᠠ ᠶᠢᠨ ᠣᠶᠢᠯᠠᠭᠠᠭᠳᠠᠬᠤᠨ᠂ | ᠰᠢᠨ᠎ᠡ ᠶᠢ ᠡᠭᠦᠳᠬᠦ ᠠᠷᠭ᠎ᠠ ᠶᠢ ᠦᠢᠯᠡᠳᠦᠯᠭᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠢᠴᠢᠶᠡᠯ ᠤᠨ | ᠲᠥᠯᠥᠪᠯᠡᠭᠡ ᠶᠢ ᠰᠢᠯᠢᠳᠡᠭᠵᠢᠭᠦᠯᠬᠦ᠂ ᠵᠢᠭᠠᠨ ᠰᠤᠷᠭᠠᠯᠲᠠ ᠶᠢᠨ ᠵᠠᠭᠪᠤᠷ ᠢ ᠰᠠᠶᠢᠵᠢᠷᠠᠭᠤᠯᠬᠤ᠂ ᠦᠨᠡᠯᠡᠬᠦ | ᠳᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠪᠥᠷ ᠮᠣᠩᠭᠤᠯ ᠤᠨ ᠪᠡᠶ᠎ᠡ ᠶᠢᠨ | ᠲᠠᠮᠢᠷ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠥᠭᠡᠷᠡᠴᠢᠯᠡᠯᠲᠡ ᠳᠤ ᠬᠦᠴᠦᠷᠬᠡᠭ ᠶᠡᠭᠡ ᠬᠦᠴᠦᠨ | ᠨᠡᠮᠡᠷᠢᠯᠡᠪᠡ᠃ ᠳᠠᠷᠠᠭ᠎ᠠ ᠠᠯᠬᠤᠮ ᠳᠤ᠂ ᠪᠡᠶ᠎ᠡ ᠮᠠᠬᠠᠪᠣᠳ ᠢ ᠪᠠᠶᠢᠴᠠᠭᠠᠬᠤ ᠪᠠ ᠬᠠᠮᠢᠶᠠᠷᠬᠤ ᠲᠥᠰᠦᠯ ᠢ | ᠨᠠᠷᠢᠯᠢᠬᠵᠢᠭᠤᠯᠵᠤ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ︔ | ᠬᠢᠴᠢᠶᠡᠯ ᠤᠨ ᠰᠢᠨ᠎ᠡ ᠶᠢ ᠡᠭᠦᠳᠬᠦ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠴᠢᠨᠠᠷᠯᠢᠭ ᠨᠠᠶᠢᠳᠠᠪᠤᠷᠢᠵᠢᠭᠤᠯᠬᠤ ᠶᠢ ᠪᠠᠲᠤᠯᠠᠨ᠎ᠠ︔ ᠵᠢᠭᠠᠨ ᠰᠤᠷᠭᠠᠯᠲᠠ ᠶᠢᠨ ᠦᠨᠡᠯᠡᠯᠲᠡ | ᠪᠠ ᠥᠭᠡᠷᠡᠴᠢᠯᠡᠯᠲᠡ ᠶᠢᠨ ᠳᠣᠭᠲᠠᠯᠴᠠᠭ᠎ᠠ ᠶᠢ ᠪᠠᠶᠢᠭᠤᠯᠵᠤ᠂ ᠰᠤᠳᠤᠯᠬᠤ ᠪᠠᠷ ᠵᠢᠭᠠᠨ ᠰᠤᠷᠭᠠᠯᠲᠠ ᠶᠢ ᠠᠬᠢᠭᠤᠯᠵᠤ᠂ | ᠪᠠᠭᠰᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠲᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ | | | |