ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ ︽ᠥᠪᠥᠷ ᠮᠣᠩᠭᠤᠯ ᠤᠨ ᠪᠥᠲᠦᠭᠡᠭᠳᠡᠭᠦᠨ ᠢ ᠥᠪᠥᠷ ᠮᠣᠩᠭᠤᠯ ᠳᠤ | ᠬᠡᠷᠡᠭᠯᠡᠨ · ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠥᠪᠥᠷ | ᠮᠣᠩᠭᠤᠯ ᠤᠨ ᠴᠢᠨᠠᠷᠯᠢᠭ ᠲᠠᠷᠢᠶᠠᠯᠠᠩ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠤᠰᠬᠠᠢ ᠲᠠᠯᠠᠪᠤᠷ | ᠦᠢᠯᠡᠳᠪᠦᠷᠢᠯᠡᠬᠦ ᠪᠣᠷᠣᠯᠠᠭᠤᠯᠬᠤ ᠶᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠪᠡ᠃ | | | | | | ᠠᠵᠢᠯᠯᠠᠭ᠎ᠠ ᠶᠢᠨ ᠠᠬᠤᠢ ᠲᠠᠯᠠᠪᠠᠢ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠬᠥᠬᠡᠬᠤᠲᠠ ᠳᠤ ᠰᠠᠭᠤᠭ᠎ᠠ 24 ᠶᠡᠭᠡ ᠳᠡᠭᠡᠳᠦ ᠰᠤᠷᠭᠠᠭᠤᠯᠢ ᠶᠢᠨ ᠠᠵᠢᠯᠴᠢᠨ ᠤ ᠡᠪᠯᠡᠯ᠂ ᠠᠷᠤ ᠲᠠᠯ᠎ᠠ ᠶᠢᠨ | ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠤᠭᠤᠯᠠᠨ ᠭᠡᠷ ᠤᠨ | ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠠᠵᠢᠯᠲᠠᠨ 100 ᠭᠠᠷᠤᠢ ᠬᠥᠮᠦᠨ ᠢ ᠵᠣᠬᠢᠶᠠᠨ ᠪᠠᠶᠢᠭᠤᠯᠤᠨ | ᠬᠤᠷᠠᠯ ᠳᠤ ᠣᠷᠣᠯᠴᠠᠭᠤᠯᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ 10 ᠶᠡᠭᠡ ᠳᠡᠭᠡᠳᠦ ᠰᠤᠷᠭᠠᠭᠤᠯᠢ ᠬᠠᠩᠭᠠᠯᠭ᠎ᠠ ᠶᠢᠨ | ᠬᠡᠯᠬᠢᠶᠡᠲᠦ ᠠᠵᠤ ᠠᠬᠤᠶᠢᠯᠠᠯ ᠲᠠᠢ ᠪᠤᠳᠠᠭ᠎ᠠ ᠭᠤᠯᠢᠷ ᠲᠣᠰᠣ᠂ ᠦᠬᠡᠷ ᠬᠤᠨᠢᠨ ᠮᠢᠬ᠎ᠠ ᠵᠡᠷᠭᠡ ᠶᠢ ᠰᠢᠭᠤᠳ | ᠬᠠᠩᠭᠠᠬᠤ ᠬᠠᠮᠲᠤᠷᠠᠯᠴᠠᠭᠠᠨ ᠤ ᠰᠠᠨᠠᠮᠵᠢ ᠶᠢ ᠳᠣᠭᠲᠠᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠡᠷᠡᠭᠯᠡᠭᠡ ᠪᠠᠷ | ᠬᠠᠪᠰᠤᠷᠤᠨ ᠲᠡᠳᠬᠦᠬᠦ ᠠᠵᠢᠯᠯᠠᠭ᠎ᠠ ︽ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢᠶᠠᠷ ᠳᠡᠳᠬᠦᠬᠦ︾ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠪᠠ᠃ | ᠡᠨᠡ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠢᠰᠲ᠋ᠧᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠦᠢᠯᠡᠳᠦᠯᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠰᠤᠷᠭᠠᠨ ᠬᠥᠮᠦᠵᠢᠯ ᠤᠨ ᠡᠭᠦᠷᠭᠡ ᠴᠢᠳᠠᠮᠵᠢ ᠳᠤ ᠰᠠᠭᠤᠷᠢᠯᠠᠨ᠂ ︽ᠬᠡᠷᠡᠭᠯᠡᠭᠡ ᠪᠠᠷ | ᠬᠠᠪᠰᠤᠷᠤᠨ ᠲᠡᠳᠬᠦᠬᠦ︾ ᠵᠠᠭᠪᠤᠷ ᠢ ᠢᠳᠡᠪᠬᠢᠲᠡᠢ ᠪᠠᠶᠢᠭᠤᠯᠵᠤ᠂ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ᠂ ᠡᠬᠢ | ᠪᠠᠶᠠᠯᠢᠭ ᠪᠠ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ︽ᠥᠪᠥᠷ ᠮᠣᠩᠭᠤᠯ ᠤᠨ | ᠪᠦᠲᠦᠭᠡᠭᠳᠡᠬᠦᠨ ᠢ ᠥᠪᠥᠷ ᠮᠣᠩᠭᠤᠯ ᠳᠤ ᠬᠡᠷᠡᠭᠯᠡᠬᠦ︾ ᠠᠴᠠ ᠭᠠᠷᠳᠠᠵᠤ᠂ ᠪᠠᠭᠰᠢ ᠰᠤᠷᠤᠭᠴᠢᠳ ᠤᠨ ᠡᠳᠦᠷ | ᠲᠤᠲᠤᠮ ᠤᠨ ᠬᠡᠷᠡᠭᠯᠡᠭᠡᠨ ᠤ ᠱᠠᠭᠠᠷᠳᠠᠯᠭ᠎ᠠ ᠶᠢ ᠬᠠᠪᠰᠤᠷᠤᠨ ᠲᠡᠳᠬᠦᠬᠦ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠵᠤ᠂ | ᠰᠤᠷᠭᠠᠨ ᠬᠥᠮᠦᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ | ᠨᠠᠭᠠᠰᠢ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠬᠡᠷᠡᠭᠯᠡᠭᠡ ᠪᠠᠷ ᠬᠠᠪᠰᠤᠷᠤᠨ ᠲᠡᠳᠬᠦᠬᠦ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠯᠡᠳᠲᠡ ᠦᠷ᠎ᠡ ᠪᠦᠲᠦᠮᠵᠢ ᠣᠯᠵᠤ᠂ ᠣᠳᠣ ᠪᠣᠯᠲᠠᠯ᠎ᠠ᠂ | 45 ᠶᠡᠭᠡ ᠳᠡᠭᠡᠳᠦ ᠰᠤᠷᠭᠠᠭᠤᠯᠢ ᠣᠷᠣᠯᠴᠠᠨ᠂ ᠠᠯᠪᠠᠨ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠶᠢ ᠪᠦᠬᠦᠨ ᠢ | ᠬᠠᠮᠤᠷᠬᠤ ᠶᠢ ᠪᠡᠶᠡᠯᠡᠭᠦᠯᠦᠨ᠂ ᠪᠠᠭᠰᠢ ᠠᠵᠢᠯᠲᠠᠨ ᠠᠵᠢᠯᠴᠢᠨ ᠪᠣᠯᠤᠨ ᠰᠤᠷᠤᠭᠴᠢ 50 ᠲᠦᠮᠡᠨ ᠬᠥᠮᠦᠨ ᠢ | ᠬᠠᠮᠤᠷᠪᠠ᠃ ᠪᠦᠷᠢᠳᠬᠡᠯ ᠢ ᠦᠨᠳᠦᠰᠦᠯᠡᠪᠡᠯ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠠᠷᠤ ᠲᠠᠯ᠎ᠠ ᠶᠢᠨ | ᠦᠢᠯᠡᠴᠢᠯᠡᠭᠡᠨ ᠤ ᠰᠢᠰᠲ᠋ᠧᠮ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠪᠠ ᠮᠠᠯ ᠤᠨ ᠠᠰᠢᠭ | ᠰᠢᠮ᠎ᠡ ᠶᠢᠨ ᠪᠥᠲᠦᠭᠡᠭᠳᠡᠭᠦᠨ ᠢ ᠵᠢᠯ ᠪᠦᠷᠢ ᠳᠤᠮᠳᠠᠴᠢ ᠪᠠᠷ 2000 ᠲᠦᠮᠡᠨ ᠲᠥᠭᠦᠷᠢᠭ ᠬᠤᠳᠠᠯᠳᠤᠨ ᠠᠪᠴᠤ᠂ | ᠡᠭᠦᠨ ᠳᠤ 2024 ᠣᠨ ᠤ ᠬᠤᠳᠠᠯᠳᠤᠨ ᠠᠪᠤᠭᠰᠠᠨ ᠬᠡᠮᠵᠢᠶ᠎ᠡ 2600 ᠲᠦᠮᠡᠨ ᠲᠥᠭᠦᠷᠢᠭ ᠲᠤ ᠬᠦᠷᠴᠦ᠂ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠨ᠂ ᠬᠠᠪᠰᠤᠷᠤᠨ ᠲᠡᠳᠬᠦᠬᠦ ᠬᠡᠪᠴᠢᠶ᠎ᠡ 1 ᠳ᠋ᠦᠩᠰᠢᠭᠤᠷ ᠲᠥᠭᠦᠷᠢᠭ ᠢ | ᠳᠠᠪᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠤᠷᠭᠠᠨ ᠬᠥᠮᠦᠵᠢᠯ ᠤᠨ ᠬᠦᠴᠦᠨ | ᠴᠢᠳᠠᠯ ᠢᠶᠠᠨ ᠡᠷᠭᠦᠪᠡ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠤᠷᠭᠠᠭᠤᠯᠢ | ᠣᠷᠣᠨ ᠨᠤᠲᠤᠭ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠨᠡᠩ ᠣᠯᠠᠨ ᠴᠢᠨᠠᠷᠯᠢᠭ ᠲᠠᠷᠢᠶᠠᠯᠠᠩ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠲᠠᠯ᠎ᠠ ᠨᠤᠲᠤᠭ ᠠᠴᠠ | ᠬᠤᠭᠤᠯᠠᠨ ᠰᠢᠷᠡᠭᠡ ᠬᠦᠷᠲᠡᠯᠡᠬᠢ︾ ᠶᠢ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠪᠠ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠤᠨ᠂ ︽ᠮᠣᠩᠭᠤᠯ | ᠪᠦᠲᠦᠭᠡᠭᠳᠡᠬᠦᠨ ᠤ ᠦᠯᠢᠭᠡᠷ︾ ᠢ ᠰᠠᠶᠢᠲᠤᠷ ᠶᠠᠷᠢᠵᠤ᠂ ︽ᠬᠥᠮᠦᠨ ᠪᠦᠬᠦᠨ ᠬᠢᠵᠦ ᠪᠣᠯᠬᠤ᠂ ᠬᠥᠮᠦᠨ ᠪᠦᠬᠦᠨ ᠬᠢᠬᠦ | ᠳᠤᠷᠠᠲᠠᠢ︾ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ᠃ ᠴᠢᠨᠠᠷᠯᠢᠭ | ᠲᠠᠷᠢᠶᠠᠯᠠᠩ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠡᠭᠡ ᠳᠡᠭᠡᠳᠦ ᠰᠤᠷᠭᠠᠭᠤᠯᠢ ᠶᠢᠨ ᠬᠤᠭᠤᠯᠠᠨ | ᠰᠢᠷᠡᠭᠡ ᠳᠤ ᠰᠢᠭᠤᠳ ᠨᠡᠪᠲᠡᠷᠡᠬᠦ ᠶᠢ ᠠᠬᠢᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠭᠡᠷ ᠬᠦᠷᠲᠡᠯᠡᠬᠢ ᠶᠢ | ᠥᠨᠳᠥᠷ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠳᠠᠯᠳᠠ ᠬᠦᠴᠦᠨ | ᠢ ᠴᠢᠩᠭᠠᠷᠠᠭᠤᠯᠵᠤ᠂ ᠰᠤᠷᠭᠠᠭᠤᠯᠢ ᠠᠵᠤ ᠠᠬᠤᠶᠢᠯᠠᠯ ᠤᠨ ︽ᠵᠠᠬᠢᠶᠠᠯᠠᠭ᠎ᠠ ᠶᠢᠨ ᠬᠠᠭᠤᠳᠠᠰᠤ︾ ᠶᠢᠨ | ᠬᠠᠮᠲᠤᠷᠠᠯᠴᠠᠭᠠᠨ ᠤ ᠤᠳᠠᠭᠠᠨ ᠳᠠᠭᠠᠭᠠᠮᠠᠭᠠᠢ ᠪᠦᠲᠦᠮᠵᠢᠲᠡᠢ ᠲᠣᠭᠲᠠᠴᠠ ᠶᠢ ᠭᠦᠨᠵᠡᠭᠡᠶᠢᠷᠡᠭᠦᠯᠵᠦ᠂ ︽ᠬᠤᠳᠠᠯᠳᠤᠨ | ᠠᠪᠬᠤ - ᠪᠣᠯᠪᠠᠰᠤᠷᠠᠭᠤᠯᠬᠤ - ᠪᠣᠷᠣᠯᠠᠭᠤᠯᠬᠤ︾ ᠶᠢ ᠨᠢᠭᠡ ᠴᠣᠭᠴᠠᠵᠢᠭᠤᠯᠬᠤ ᠬᠠᠮᠲᠤᠷᠠᠯᠴᠠᠭᠠᠨ ᠤ ᠵᠠᠭᠪᠤᠷ ᠢ | ᠠᠯᠬᠤᠮ ᠠᠯᠬᠤᠮ ᠢᠶᠠᠷ ᠪᠠᠶᠢᠭᠤᠯᠤᠨ᠎ᠠ᠃ ᠡᠭᠦᠨ ᠤ ᠬᠠᠮᠲᠤ ︽ᠬᠡᠷᠡᠭᠯᠡᠭᠡ ᠪᠠᠷ ᠬᠠᠪᠰᠤᠷᠤᠨ ᠲᠡᠳᠬᠦᠬᠦ︾ ᠵᠠᠭᠪᠤᠷ ᠢ | ᠦᠷᠭᠦᠯᠵᠢᠯᠡᠨ ᠲᠡᠭᠦᠯᠳᠡᠷᠵᠢᠭᠦᠯᠵᠦ᠂ ︽ᠳᠡᠭᠡᠳᠦ ᠰᠤᠷᠭᠠᠭᠤᠯᠢ ᠢᠳᠡᠪᠬᠢᠲᠡᠢ ᠣᠷᠣᠯᠴᠠᠬᠤ᠂ ᠠᠵᠤ ᠠᠬᠤᠶᠢᠯᠠᠯ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ︾ ᠣᠯᠠᠨ ᠲᠠᠯ᠎ᠠ ᠪᠠᠷ ᠠᠰᠢᠭ ᠬᠦᠷᠲᠡᠬᠦ ᠪᠠᠶᠢᠷᠢᠰᠢᠯᠠᠭᠤᠯᠤᠯᠲᠠ ᠶᠢ ᠪᠣᠢ ᠪᠣᠯᠭᠠᠬᠤ ᠶᠢ | ᠠᠬᠢᠭᠤᠯᠤᠨ᠂ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢ ᠦᠨᠡᠨ ᠬᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠥᠪᠥᠷ | ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠯᠲᠠᠨ ᠦᠰᠦᠭᠲᠦ ᠫᠠᠶᠢᠰᠠ ᠶᠢ ᠪᠣᠢ | ᠪᠣᠯᠭᠠᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠰᠤᠷᠭᠠᠨ ᠬᠥᠮᠦᠵᠢᠯ ᠤᠨ | ᠬᠦᠴᠦᠨ ᠴᠢᠳᠠᠯ ᠢᠶᠠᠨ ᠡᠷᠭᠦᠨ᠎ᠡ᠃ | | | |