ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠡᠬᠢᠯᠡᠪᠡ
ᠨᠡᠶᠢᠲᠡᠯᠡᠭᠰᠡᠨ ᠴᠠᠭ᠄
2025/5/14
      5 ᠳ᠋ᠤᠭᠠᠷ ᠰᠠᠷ᠎ᠠ ᠶᠢᠨ 13᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠬᠥᠬᠡᠬᠤᠲᠠ ᠳᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠢ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠹᠠᠨ ᡁᠢ ᠵᠦᠩ ᠪᠠᠶᠠᠷ ᠤᠨ ᠦᠭᠡ ᠬᠡᠯᠡᠪᠡ᠃      ᠡᠨᠡ ᠤᠳᠠᠭᠠᠨ ᠤ ᠠᠵᠢᠯᠯᠠᠭ᠎ᠠ ︽ᠭᠠᠷ ᠤᠨ ᠡᠷᠳᠡᠮ᠂ ᠨᠠᠰᠤᠨ ᠤ ᠲᠦᠰᠢᠭ︾᠎ ᠢᠶᠠᠷ ᠭᠤᠣᠯ ᠰᠡᠳᠦᠪ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠰᠤᠳᠤᠯᠤᠨ ᠶᠠᠷᠢᠯᠴᠠᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠰᠤᠷᠭᠠᠨ ᠬᠥᠮᠥᠵᠢᠯ ᠎ ᠢ ᠨᠡᠪᠲᠡᠷᠡᠭᠦᠯᠦᠨ ᠪᠡᠶᠡᠴᠢᠯᠡᠨ ᠣᠶᠢᠯᠠᠭᠠᠬᠤ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠨ ᠵᠢᠱᠢᠶ᠎ᠡ ᠦᠵᠡᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠭᠠᠳᠠᠭᠰᠢ ᠥᠷᠭᠡᠳᠭᠡᠵᠦ ᠳᠡᠯᠭᠡᠨ ᠦᠵᠡᠭᠦᠯᠬᠦ᠂ ᠤᠷ᠎ᠠ ᠴᠢᠳᠠᠪᠤᠷᠢᠲᠤ ᠴᠢᠳᠠᠪᠤᠷᠢᠲᠠᠨ ᠤ ᠴᠤᠭ ᠵᠢᠪᠬᠤᠭ᠎ᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ᠂ ᠣᠷᠣᠨ ᠨᠤᠲᠤᠭ ᠤᠨ ᠳᠠᠪᠠᠭᠤᠯᠢᠭ ᠣᠨᠴᠠᠯᠢᠭ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠎ ᠳᠤ ᠠᠩᠬᠠᠷᠤᠯ ᠢᠶᠠᠨ ᠬᠠᠨᠳᠤᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠭᠦᠨᠵᠡᠭᠡᠶᠢᠷᠡᠭᠦᠯᠵᠦ᠂ ᠤᠷ᠎ᠠ ᠴᠢᠳᠠᠪᠤᠷᠢ ᠶᠢᠨ ᠬᠥᠮᠦᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠠᠵᠤ ᠦᠢᠯᠡᠰ ᠤᠨ ᠬᠥᠭᠵᠢᠯᠲᠡ ᠶᠢ ᠵᠡᠷᠭᠡ ᠪᠠᠷ ᠠᠬᠢᠭᠤᠯᠵᠤ᠂ ︽ᠤᠷ᠎ᠠ ᠴᠢᠳᠠᠪᠤᠷᠢᠲᠤ ᠤᠮᠠᠷᠠᠲᠤ ᠬᠢᠯᠢ︾᠎ ᠶᠢᠨ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠴᠢᠩᠭᠠᠷᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠮᠠᠷᠠᠲᠤ ᠬᠢᠯᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ ᠬᠤᠪᠢ ᠨᠡᠮᠡᠷᠢ ᠦᠵᠡᠭᠦᠯᠬᠦ ᠲᠦᠪᠰᠢᠨ ᠢ ᠳᠡᠭᠡᠭᠰᠢᠯᠡᠭᠦᠯᠪᠡ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠬᠠᠷᠢᠭᠤᠴᠠᠯᠭ᠎ᠠ ᠪᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠣᠳᠠᠲᠠᠢ ᠳᠤ ᠰᠠᠭᠤᠷᠢᠯᠠᠨ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠵᠦ᠂ ᠰᠢᠨ᠎ᠡ ᠶᠢ ᠡᠭᠦᠳᠬᠦ ᠰᠡᠳᠬᠢᠮᠵᠢ ᠪᠠᠷ ᠤᠯᠠᠮᠵᠢᠯᠠᠯᠲᠤ ᠤᠬᠠᠭᠤᠯᠭ᠎ᠠ ᠶᠢᠨ ᠬᠡᠯᠪᠡᠷᠢ ᠶᠢ ᠲᠣᠭᠲᠠᠭᠠᠵᠤ᠂ ᠪᠣᠰᠤᠭ᠎ᠠ ᠴᠣᠭᠴᠠ ᠪᠠᠷ ᠤᠯᠠᠮᠵᠢᠯᠠᠬᠤ ᠵᠢᠭᠰᠠᠭᠠᠯ ᠤᠨ ᠭᠠᠵᠠᠷ ᠢ ᠪᠠᠶᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ᠂ ᠠᠵᠤ ᠠᠬᠤᠶᠢᠯᠠᠯ᠂ ᠰᠤᠷᠭᠠᠭᠤᠯᠢ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠎ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ᠂ ᠴᠢᠳᠠᠪᠤᠷᠢᠲᠠᠨ ᠬᠥᠮᠦᠵᠢᠭᠦᠯᠬᠦ ᠵᠡᠷᠭᠡ ᠲᠠᠯ᠎ᠠ ᠪᠠᠷ ᠣᠯᠤᠭᠰᠠᠨ ᠥᠭᠡᠷᠡᠴᠢᠯᠡᠯᠲᠡ ᠬᠥᠭᠵᠢᠭᠦᠯᠦᠯᠲᠡ ᠶᠢᠨ ᠦᠷ᠎ᠡ ᠪᠦᠲᠦᠭᠡᠯ ᠢ ᠰᠠᠶᠢᠲᠤᠷ ᠤᠬᠠᠭᠤᠯᠬᠤ ᠬᠡᠷᠡᠭᠲᠡᠢ᠃ ᠤᠷ᠎ᠠ ᠴᠢᠳᠠᠪᠤᠷᠢ ᠶᠢᠨ ᠤᠷᠤᠯᠳᠤᠭᠠᠨ᠂ ᠦᠷ᠎ᠡ ᠪᠦᠲᠦᠭᠡᠯ ᠤᠨ ᠦᠵᠡᠭᠦᠯᠭᠡ᠂ ᠭᠤᠣᠯ ᠰᠡᠳᠦᠪᠲᠦ ᠶᠠᠷᠢᠶ᠎ᠠ ᠢᠯᠡᠳᠬᠡᠯ ᠵᠡᠷᠭᠡ ᠣᠯᠠᠨ ᠡᠰᠢᠵᠢᠭᠦᠯᠦᠭᠰᠡᠨ ᠬᠡᠯᠪᠡᠷᠢ ᠪᠠᠷ ᠳᠠᠮᠵᠢᠭᠤᠯᠤᠨ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠵᠠᠯᠠᠭᠤ ᠨᠠᠰᠤᠨ ᠤ ᠳᠦᠷᠰᠦ ᠪᠠᠶᠢᠳᠠᠯ ᠪᠣᠯᠤᠨ ᠶᠡᠭᠡ ᠦᠢᠯᠡᠰ ᠢ ᠪᠦᠲᠦᠭᠡᠵᠦ ᠪᠣᠯᠬᠤᠶᠢᠴᠠ ᠠᠵᠢᠯ ᠮᠡᠷᠭᠡᠵᠢᠯ ᠤᠨ ᠠᠯᠤᠰ ᠢᠷᠡᠭᠡᠳᠦᠢ ᠶᠢ ᠭᠦᠢᠴᠡᠳ ᠢᠯᠡᠷᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠡᠪᠲᠡᠷᠬᠡᠢ ᠶᠠᠷᠢᠵᠤ᠂ ᠦᠯᠢᠭᠡᠷ ᠢ ᠠᠮᠢᠳᠤᠯᠢᠭ ᠶᠠᠷᠢᠵᠤ᠂ ᠦᠷ᠎ᠡ ᠪᠦᠲᠦᠭᠡᠯ ᠢ ᠢᠯᠡᠷᠡᠭᠦᠯᠬᠦ ᠪᠠᠷ ᠳᠠᠮᠵᠢᠭᠤᠯᠤᠨ᠂ ︽ᠬᠥᠮᠦᠨ ᠪᠦᠬᠦᠨ ᠴᠢᠳᠠᠪᠤᠷᠢᠲᠠᠨ ᠪᠣᠯᠵᠤ ᠳᠡᠶᠢᠯᠬᠦ᠂ ᠬᠥᠮᠦᠨ ᠪᠦᠬᠦᠨ ᠠᠪᠢᠶᠠᠰ ᠴᠢᠳᠠᠪᠤᠷᠢ ᠪᠠᠨ ᠪᠦᠷᠢᠨ ᠪᠠᠳᠠᠷᠠᠭᠤᠯᠬᠤ︾ ᠨᠡᠶᠢᠭᠡᠮ ᠤᠨ ᠬᠠᠮᠲᠤ ᠶᠢᠨ ᠲᠠᠨᠢᠯᠲᠠ ᠶᠢ ᠪᠣᠢ ᠪᠣᠯᠭᠠᠬᠤ ᠬᠡᠷᠡᠭᠲᠡᠢ᠃ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠯᠠᠭ᠎ᠠ ᠶᠢᠨ ᠭᠠᠷᠠᠭ ᠪᠣᠯᠤᠨ ᠤᠬᠠᠭᠤᠯᠭ᠎ᠠ ᠶᠢᠨ ᠰᠠᠷ᠎ᠠ ᠶᠢᠨ ᠪᠦᠬᠦ ᠶᠠᠪᠤᠴᠠ᠂ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠵᠢᠯ ᠲᠥᠷᠥᠯ ᠤᠨ ᠰᠠᠯᠠᠭ᠎ᠠ ᠮᠥᠴᠢᠷ᠂ ᠠᠵᠤ ᠠᠬᠤᠶᠢᠯᠠᠯ ᠤᠨ ᠨᠢᠭᠡᠴᠢ ᠯᠦᠭᠡ ᠨᠢᠭᠲᠠ ᠬᠠᠮᠵᠢᠯᠴᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠠᠷᠠᠭ ᠪᠣᠯᠤᠨ ᠤᠬᠠᠭᠤᠯᠭ᠎ᠠ ᠶᠢᠨ ᠰᠠᠷ᠎ᠠ ᠶᠢ ᠡᠷᠬᠢᠯᠡᠬᠦ ᠬᠢᠷᠢ ᠲᠦᠪᠰᠢᠨ ᠪᠠ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠬᠠᠤ ᠬᠡᠷᠡᠭᠲᠡᠢ ᠭᠡᠵᠦ ᠱᠠᠭᠠᠷᠳᠠᠪᠠ᠃   

1.jpg

      ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠣᠯᠤᠨ

ᠰᠣᠶᠣᠯ ᠤᠷᠠᠯᠢᠭ᠂ ᠢᠷᠡᠭᠡᠳᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠤᠳᠠᠯᠳᠤᠭ᠎ᠠ ᠪᠠ ᠠᠵᠤ

ᠦᠢᠯᠡᠰ ᠢ ᠭᠦᠨᠵᠡᠭᠡᠢ ᠠᠭᠤᠰᠬᠠᠭᠰᠠᠨ ᠣᠯᠠᠨ ᠡᠰᠢᠵᠢᠭᠦᠯᠦᠭᠰᠡᠨ ᠣᠷᠴᠢᠨ ᠠᠬᠤᠢ ᠳᠤ ᠰᠣᠭᠲᠤᠭᠤᠷᠠᠮ᠎ᠠ ᠮᠠᠶ᠋ᠢᠭᠲᠤ

ᠦᠵᠡᠭᠳᠡᠯ ᠢ ᠨᠠᠷᠢᠨ ᠨᠢᠮᠪᠠᠢ ᠪᠠᠶᠢᠭᠤᠯᠪᠠ᠃ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ

ᠵᠢᠴᠢ ᠰᠢᠨ᠎ᠡ ᠶᠢ ᠡᠭᠦᠳᠬᠦ ᠦᠢᠯᠡᠳᠦᠯᠭᠡ ᠶᠢ ᠬᠠᠷᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠤᠨ ᠦᠵᠡᠭᠦᠯᠭᠡ᠂ ᠤᠷ᠎ᠠ ᠮᠡᠷᠭᠡᠵᠢᠯ  ᠰᠢᠯᠢᠳᠡᠭ

ᠰᠣᠶᠣᠯ ᠢ ᠤᠯᠠᠮᠵᠢᠯᠠᠬᠤ ᠪᠠ ᠤᠯᠠᠮᠵᠢᠯᠠᠯᠲᠤ ᠭᠠᠷ ᠤᠷᠠᠯᠠᠯ ᠢ ᠠᠮᠢᠳᠤᠯᠢᠭ ᠢᠶᠠᠷ ᠤᠯᠠᠮᠵᠢᠯᠠᠨ ᠵᠠᠯᠭᠠᠮᠵᠢᠯᠠᠭᠰᠠᠨ

ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠤᠨ ᠦᠵᠡᠭᠦᠯᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ

ᠤᠮᠠᠷᠠᠲᠤ ᠬᠢᠯᠢ ᠶᠢᠨ ᠬᠥᠭᠵᠢᠯᠲᠡ ᠳᠤ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠨᠡᠮᠡᠷᠢᠯᠡᠭᠰᠡᠨ ᠣᠶᠤᠨᠴᠢ

ᠤᠮᠠᠷᠠᠲᠤ ᠬᠢᠯᠢ ᠶᠢᠨ ᠲᠣᠭᠠᠵᠢᠭᠤᠯᠤᠭᠰᠠᠨ ᠪᠦᠲᠦᠭᠡᠯ ᠤᠨ ᠦᠵᠡᠭᠦᠯᠭᠡ᠂ ᠥᠪᠡᠷᠲᠡᠭᠡᠨ ᠵᠠᠰᠠᠬᠤ ᠣᠷᠣᠨ ᠤ

ᠪᠠᠷᠢᠯᠭ᠎ᠠ ᠶᠢᠨ ᠬᠦᠷᠢᠶᠡᠨ ᠳᠠᠬᠢ ᠡᠮᠦᠨ᠎ᠡ ᠵᠠᠬ᠎ᠠ ᠶᠢᠨ ᠮᠡᠷᠭᠡᠰᠢᠯ ᠪᠠᠷᠢᠯᠭ᠎ᠠ ᠶᠢᠨ ᠮᠡᠷᠭᠡᠵᠢᠯ ᠤᠨ ᠪᠦᠬᠦ ᠦᠵᠡᠮᠵᠢ ᠶᠢᠨ

ᠪᠦᠲᠦᠭᠡᠯ ᠤᠨ ᠦᠵᠡᠭᠦᠯᠭᠡ ᠪᠣᠢ︔ ᠪᠠᠰᠠ ᠵᠢᠯᠣᠭᠤᠴᠢ ᠦᠭᠡᠢ ᠨᠢᠰᠬᠡᠯ ᠤᠨ ᠨᠢᠰᠦᠯᠲᠡ ᠶᠢᠨ ᠲᠣᠭᠯᠠᠯᠲᠠ᠂

ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠠᠵᠢᠯ ᠮᠡᠷᠭᠡᠵᠢᠯ ᠢ ᠪᠡᠶᠡᠴᠢᠯᠡᠨ ᠣᠶᠢᠯᠠᠭᠠᠬᠤ ᠰᠣᠨᠢᠷᠬᠠᠯᠲᠤ

ᠠᠵᠢᠯᠯᠠᠭ᠎ᠠ᠂ ᠣᠯᠠᠨ ᠵᠦᠢᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠲᠠᠷᠢᠶᠠᠯᠠᠩ ᠢ ᠲᠤᠰᠠᠯᠠᠬᠤ ᠠᠬᠤᠢ

ᠲᠠᠯᠠᠪᠠᠢ ᠶᠢᠨ ᠰᠢᠭᠤᠳ ᠨᠡᠪᠲᠡᠷᠡᠭᠦᠯᠭᠡ ᠵᠡᠷᠭᠡ ᠶᠢ ᠳᠡᠯᠭᠡᠨ ᠦᠵᠡᠭᠦᠯᠵᠦ᠂ ᠠᠮᠢᠵᠢᠷᠠᠯ ᠤᠨ ᠬᠦᠴᠦᠨ ᠪᠢᠯᠬᠠᠭᠰᠠᠨ

ᠣᠯᠠᠨ ᠡᠰᠢᠵᠢᠭᠦᠯᠦᠭᠰᠡᠨ ᠠᠵᠢᠯᠯᠠᠭ᠎ᠠ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭᠠᠨ ᠤ

ᠰᠢᠨ᠎ᠡ ᠬᠠᠭᠤᠳᠠᠰᠤ ᠶᠢ ᠪᠢᠴᠢᠭᠯᠡᠪᠡ᠃

   

2.jpg

      ᠠᠵᠢᠯᠯᠠᠭ᠎ᠠ ᠶᠢᠨ ᠬᠤᠭᠤᠴᠠᠭᠠᠨ ᠳᠤ᠂ ︽ᠤᠷᠠᠨ ᠳᠠᠷᠬᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠰᠢᠨ᠎ᠡ ᠬᠠᠭᠤᠳᠠᠰᠤ ᠶᠢ ᠴᠣᠭᠴᠠᠯᠠᠵᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠰᠣᠨᠢᠷᠬᠠᠬᠤ︾ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠎ ᠶᠢᠨ ᠲᠤᠰᠬᠠᠢ ᠰᠡᠳᠦᠪᠲᠦ ᠲᠠᠶᠢᠯᠤᠮᠵᠢ᠂ ︽ᠨᠢᠭᠲᠠ ᠠᠴᠠ

ᠨᠢᠭᠲᠠ ᠶᠢ ᠵᠣᠷᠢᠵᠤ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ - ᠣᠶᠤᠨ ᠤᠬᠠᠭᠠᠨ ᠪᠠ ᠬᠦᠴᠦ ᠬᠥᠯᠥᠰᠥ ᠪᠠᠷ

ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠶ᠎ᠡ︾ ᠭᠡᠬᠦ ᠤᠯᠤᠰ ᠤᠨ

ᠲᠣᠮᠣ ᠤᠷᠠᠨ ᠳᠠᠷᠬᠠᠨ ᠤ ᠮᠡᠳᠡᠭᠦᠯᠦᠯᠲᠡ ᠵᠢᠴᠢ ︽ᠳᠣᠣᠷ᠎ᠠ ᠠᠭᠠᠷ ᠤᠨ ᠠᠵᠤ ᠠᠬᠤᠢ ᠪᠠ ᠳᠣᠣᠷ᠎ᠠ

ᠳᠠᠪᠬᠤᠷᠭ᠎ᠠ ᠶᠢᠨ ᠯᠣᠭᠢᠭ ᠤᠨ ᠬᠠᠷᠢᠴᠠᠭ᠎ᠠ ᠶᠢ ᠡᠵᠡᠮᠳᠡᠶ᠎ᠡ︾ ᠭᠡᠬᠦ ᠭᠤᠣᠯ ᠰᠡᠳᠦᠪᠲᠦ ᠲᠠᠶᠢᠯᠤᠮᠵᠢ ᠶᠢ ᠵᠡᠷᠭᠡ ᠪᠠᠷ

ᠥᠷᠨᠢᠭᠦᠯᠪᠡ᠃

      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ

ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠤᠯᠤᠰ ᠤᠨ

ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠢᠯᠴᠢᠨ ᠤ ᠶᠡᠷᠦᠩᠬᠡᠢ ᠡᠪᠯᠡᠯ᠂

ᠡᠪᠯᠡᠯ ᠤᠨ ᠬᠤᠷᠢᠶ᠎ᠠ ᠵᠢᠴᠢ ᠥᠪᠥᠷ ᠮᠣᠩᠭᠤᠯ ᠤᠨ ᠵᠦᠩ ᠬᠤᠸᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠡᠰᠡᠭ ᠰᠤᠷᠭᠠᠨ

ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ

ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠣᠯᠤᠨ ᠪᠠᠭᠰᠢ ᠰᠤᠷᠤᠭᠴᠢᠳ ᠤᠨ ᠲᠥᠯᠥᠭᠡᠯᠡᠭᠴᠢ 500 ᠰᠢᠬᠠᠮ

ᠬᠥᠮᠦᠨ ᠠᠬᠤᠢ ᠲᠠᠯᠠᠪᠠᠢ ᠳᠤ ᠠᠵᠢᠯᠯᠠᠭ᠎ᠠ ᠳᠤ ᠣᠷᠣᠯᠴᠠᠪᠠ᠃ ᠰᠢᠯᠢᠳᠡᠭ ᠠᠵᠤ ᠠᠬᠤᠶᠢᠯᠠᠯ ᠤᠨ ᠲᠥᠯᠥᠭᠡᠯᠡᠭᠴᠢ

ᠪᠣᠯᠤᠨ ᠰᠢᠯᠢᠳᠡᠭ ᠲᠡᠭᠦᠰᠬᠦ ᠰᠤᠷᠤᠭᠴᠢᠳ ᠤᠨ ᠲᠥᠯᠥᠭᠡᠯᠡᠭᠴᠢ ᠠᠬᠤᠢ ᠲᠠᠯᠠᠪᠠᠢ ᠳᠤ  ᠶᠠᠷᠢᠶ᠎ᠠ ᠲᠠᠯᠪᠢᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号