5 ᠰᠠᠷ᠎ᠠ ᠶᠢᠨ 15 ᠤ ᠡᠳᠦᠷ᠂ ᠬᠤᠷᠴᠢᠨ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | 2025 ᠣᠨ ᠤ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ︾ ᠵᠢᠴᠢ ︽ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠢ ᠯᠢᠶᠣᠤ ᠾᠧ | ᠲᠢᠶᠠᠲᠷ ᠲᠤ ᠶᠠᠪᠤᠭᠳᠠᠭᠤᠯᠪᠠ᠃ ᠡᠨᠡ ᠤᠳᠠᠭᠠᠨ ᠤ ᠠᠵᠢᠯᠯᠠᠭ᠎ᠠ ︽ᠭᠠᠷ ᠤᠨ ᠡᠷᠳᠡᠮ · ᠨᠠᠰᠤᠨ ᠤ ᠲᠦᠰᠢᠭ︾ ᠢᠶᠠᠷ | ᠭᠤᠣᠯ ᠰᠡᠳᠦᠪ ᠪᠣᠯᠭᠠᠵᠤ᠂ ᠣᠯᠠᠨ ᠡᠰᠢᠵᠢᠭᠦᠯᠦᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ | ᠪᠦᠲᠦᠭᠡᠯ ᠢ ᠳᠡᠯᠭᠡᠨ ᠦᠵᠡᠭᠦᠯᠵᠦ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠣᠷᠣᠨ ᠪᠦᠰᠡ ᠶᠢᠨ ᠠᠵᠤ | ᠠᠬᠤᠢ ᠶᠢᠨ ᠬᠥᠭᠵᠢᠯᠲᠡ ᠳᠤ ᠦᠢᠯᠡᠴᠢᠯᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠦᠷ᠎ᠡ ᠪᠦᠲᠦᠭᠡᠯ ᠤᠨ ᠦᠵᠡᠭᠦᠯᠭᠡ ᠬᠥᠮᠦᠰ ᠤᠨ ᠠᠩᠬᠠᠷᠤᠯ ᠢ ᠲᠠᠲᠠᠵᠤ᠂ ᠦᠷ᠎ᠡ ᠪᠦᠲᠦᠭᠡᠯ ᠤᠨ | ᠦᠵᠡᠭᠦᠯᠭᠡ ᠳᠤ ᠵᠢᠯᠣᠭᠤᠴᠢ ᠦᠭᠡᠢ ᠨᠢᠰᠬᠡᠯ ᠤᠨ ᠦᠵᠡᠭᠦᠯᠭᠡ᠂ ᠤᠷᠠᠨ ᠵᠢᠷᠤᠭ ᠤᠨ ᠪᠦᠲᠦᠭᠡᠯ᠂ ᠭᠠᠷ ᠤᠷᠠᠯᠠᠯ | ᠵᠡᠷᠭᠡ ᠠᠭᠤᠯᠭ᠎ᠠ ᠶᠢ ᠬᠠᠮᠤᠷᠴᠤ᠂ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ | ᠪᠦᠲᠦᠭᠡᠯ ᠢ ᠭᠦᠢᠴᠡᠳ ᠢᠯᠡᠷᠡᠭᠦᠯᠪᠡ᠃ ᠤᠷᠠᠯᠢᠭ ᠤᠨ ᠦᠵᠡᠭᠦᠯᠭᠡ ᠶᠢᠨ ᠲᠣᠭᠯᠠᠯᠲᠠ ᠳᠤ᠂ 300 ᠭᠠᠷᠤᠢ ᠪᠠᠭᠰᠢ | ᠰᠤᠷᠤᠭᠴᠢᠳ ᠪᠥᠵᠢᠭ᠂ ᠳᠠᠭᠤᠤ᠂ ᠬᠥᠭᠵᠢᠮᠳᠡᠭᠦᠷ᠂ ᠤᠷ᠎ᠠ ᠴᠢᠳᠠᠪᠤᠷᠢ ᠶᠢᠨ ᠦᠵᠡᠭᠦᠯᠭᠡ ᠵᠡᠷᠭᠡ ᠣᠯᠠᠨ | ᠡᠰᠢᠵᠢᠭᠦᠯᠦᠭᠰᠡᠨ ᠤᠷᠠᠯᠢᠭ ᠤᠨ ᠬᠡᠯᠪᠡᠷᠢ ᠪᠠᠷ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠪᠠ ᠳᠡᠭᠡᠳᠦ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠬᠠᠷᠠᠭᠤᠯᠪᠠ᠃ | ᠬᠤᠷᠴᠢᠨ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 2025 ᠣᠨ ᠤ ︽ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠠᠷᠠᠭ︾ ᠵᠢᠴᠢ ︽ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ 5 ᠳ᠋ᠤᠭᠠᠷ ᠰᠠᠷ᠎ᠠ ᠶᠢᠨ 30 ᠤ ᠡᠳᠦᠷ | ᠪᠣᠯᠲᠠᠯ᠎ᠠ ᠦᠷᠭᠦᠯᠵᠢᠯᠡᠵᠦ᠂ ᠡᠨᠡ ᠬᠤᠭᠤᠴᠠᠭᠠᠨ ᠳᠤ ᠮᠡᠳᠡᠯᠭᠡ ᠶᠢᠨ ᠤᠷᠤᠯᠳᠤᠭᠠᠨ᠂ ᠤᠷ᠎ᠠ ᠴᠢᠳᠠᠪᠤᠷᠢ ᠶᠢᠨ | ᠤᠷᠤᠯᠳᠤᠭᠠᠨ᠂ ᠰᠠᠶᠢᠨ ᠳᠤᠷ᠎ᠠ ᠶᠢᠨ ᠦᠢᠯᠡᠴᠢᠯᠡᠭᠡ᠂ ᠬᠥᠳᠡᠯᠮᠦᠷᠢ ᠶᠢᠨ ᠵᠢᠱᠢᠶᠡᠴᠢ ᠶᠢᠨ ᠲᠠᠶᠢᠯᠤᠮᠵᠢ ᠵᠡᠷᠭᠡ 40 | ᠭᠠᠷᠤᠢ ᠲᠠᠯᠠᠪᠤᠷ ᠠᠵᠢᠯᠯᠠᠭ᠎ᠠ ᠶᠢ ᠡᠷᠬᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠤᠭ ᠵᠢᠪᠬᠤᠭ᠎ᠠ ᠶᠢ | ᠪᠦᠬᠦ ᠲᠠᠯ᠎ᠠ ᠪᠠᠷ ᠢᠯᠡᠷᠡᠭᠦᠯᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠳᠤ | ᠬᠦᠴᠦᠨ ᠨᠡᠮᠡᠷᠢᠯᠡᠪᠡ᠃ | ᠬᠤᠷᠴᠢᠨ ᠤ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠡᠨᠡ ᠤᠳᠠᠭᠠᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠳᠡᠪᠢᠰᠭᠡᠷ ᠥᠩᠭᠡ ᠶᠢ ᠬᠡᠷᠡᠯᠳᠦᠬᠦᠯᠵᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠠᠵᠢᠯ | ᠮᠡᠷᠭᠡᠵᠢᠯ ᠤᠨ ᠰᠤᠷᠭᠠᠨ ᠬᠥᠮᠦᠵᠢᠯ ᠡᠨᠧᠷᠭᠢ ᠣᠯᠭᠤᠬᠤ︾ ᠪᠠᠷ ︽ᠲᠡᠮᠦᠷᠯᠢᠭ ᠮᠠᠲ᠋ᠧᠷᠢᠶᠠᠯ︾ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠷ᠎ᠠ ᠴᠢᠳᠠᠪᠤᠷᠢ ᠶᠢᠨ ᠬᠥᠮᠦᠵᠢᠯ ᠪᠠ ᠠᠵᠤ ᠦᠢᠯᠡᠰ ᠤᠨ ᠬᠡᠷᠡᠭᠴᠡᠭᠡ | ᠱᠠᠭᠠᠷᠳᠠᠯᠭ᠎ᠠ ᠶᠢ ᠵᠡᠷᠭᠡ ᠪᠠᠷ ᠳᠡᠯᠭᠡᠷᠡᠭᠦᠯᠦᠨ᠎ᠡ︔ ︽ ᠠᠭᠤᠰᠬᠠᠵᠤ ᠡᠨᠧᠷᠭᠢ ᠣᠯᠭᠤᠬᠤ︾ ᠪᠠᠷ ᠠᠵᠤ ᠦᠢᠯᠡᠰ ᠪᠠ | ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠪᠠ ᠠᠵᠤ ᠠᠬᠤᠶᠢᠯᠠᠯ | ᠬᠠᠮᠲᠤᠷᠠᠯᠴᠠᠨ ᠨᠡᠩ ᠣᠯᠠᠨ ᠬᠥᠮᠦᠨ ᠬᠥᠮᠥᠵᠢᠭᠦᠯᠵᠦ ᠦᠷ᠎ᠡ ᠪᠦᠲᠦᠭᠡᠯ ᠭᠠᠷᠭᠠᠨ᠎ᠠ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ︽ᠶᠡᠭᠡ ᠦᠢᠯᠡᠰ ᠪᠦᠲᠦᠭᠡᠵᠦ ᠪᠣᠯᠬᠤ︾ ᠦᠨᠡᠨ ᠪᠣᠳᠠᠲᠠᠢ ᠬᠦᠰᠡᠯ ᠡᠷᠡᠮᠡᠯᠵᠡᠯ ᠢ ᠦᠨᠡᠨ | ᠬᠦ ︽ᠶᠡᠭᠡ ᠦᠢᠯᠡᠰ ᠪᠦᠲᠦᠭᠡᠬᠦ︾ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠤᠷᠠᠨ ᠳᠠᠷᠬᠠᠨ ᠤ | ᠰᠡᠳᠬᠢᠯᠭᠡ ᠪᠠᠷ ᠨᠡᠩ ᠣᠯᠠᠨ ︽ᠨᠠᠷᠢᠯᠢᠭ ᠮᠡᠷᠭᠡᠵᠢᠯ ᠲᠠᠢ᠂ ᠰᠢᠨ᠎ᠡ ᠶᠢ ᠡᠭᠦᠳᠬᠦ ᠳᠤ ᠴᠢᠳᠠᠮᠠᠭᠠᠢ᠂ | ᠬᠠᠷᠢᠭᠤᠴᠠᠯᠭ᠎ᠠ ᠲᠠᠢ︾ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠬᠥᠮᠦᠵᠢᠭᠦᠯᠵᠦ᠂ | ︽ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠳᠤ ᠰᠤᠷᠭᠠᠨ ᠬᠥᠮᠦᠵᠢᠯ ᠶᠠᠭᠤ ᠶᠢ ᠬᠢᠬᠦ ᠪᠣᠢ ︾ ᠭᠡᠬᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠷᠢᠭᠤᠯᠲᠠ ᠶᠢᠨ ᠬᠠᠭᠤᠳᠠᠰᠤ ᠶᠢ ᠪᠦᠬᠦ ᠬᠦᠴᠦᠨ ᠢᠶᠠᠷ ᠰᠠᠶᠢᠲᠤᠷ | ᠬᠠᠷᠢᠭᠤᠯᠠᠵᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ᠃ | | |