5 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠨᠠᠷ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠣᠳᠤᠯᠵᠤ᠂ ᠱᠠᠩᠬᠠᠢ | ᠥᠪᠥᠷ ᠮᠣᠩᠭᠤᠯ ᠤᠨ ᠠᠮᠢ ᠠᠬᠤᠢ ᠪᠣᠯᠤᠨ ᠦᠷᠭᠦᠯᠵᠢᠯᠡᠬᠦᠶᠢᠴᠡ ᠵᠢᠷᠤᠭ ᠲᠥᠯᠥᠪᠯᠡᠭᠡ ᠶᠢᠨ ᠬᠠᠮᠲᠤᠷᠠᠭᠰᠠᠨ | ᠲᠤᠷᠰᠢᠯᠲᠠ ᠶᠢᠨ ᠲᠠᠰᠤᠭ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ | ᠰᠠᠭᠤᠷᠢᠨ ᠭᠠᠵᠠᠷ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠢ | ᠬᠤᠷᠠᠯᠳᠤᠭᠤᠯᠪᠠ᠃ | | | | | | | ᠳ᠋ᠦ᠋ ᠬᠤᠢ ᠯᠢᠶᠠᠩ᠂ ᠴᠢᠨᠠᠷᠯᠢᠭ ᠨᠠᠮ ᠤᠨ ᠪᠠᠶᠢᠭᠤᠯᠤᠯᠲᠠ ᠪᠠᠷ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ᠂ | ᠨᠠᠮ ᠠᠴᠠ ᠴᠢᠳᠠᠪᠤᠷᠢᠲᠠᠨ ᠢ ᠬᠠᠮᠢᠶᠠᠷᠬᠤ ᠶᠢ ᠪᠠᠷᠢᠮᠲᠠᠯᠠᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ | ᠺᠠᠳ᠋ᠷ ᠤᠨ ᠡᠩᠨᠡᠭᠡ ᠪᠣᠯᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠪᠠᠶᠢᠭᠤᠯᠤᠯᠲᠠ ᠪᠣᠯᠤᠨ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠵᠡᠷᠭᠡ ᠪᠠᠷ | ᠠᠬᠢᠭᠤᠯᠬᠤ ᠶᠢ ᠪᠠᠷᠢᠮᠲᠠᠯᠠᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤᠶᠢᠴᠠ᠂ ᠳᠡᠯᠭᠡᠷᠡᠭᠦᠯᠵᠦ ᠳᠡᠶᠢᠯᠬᠦᠶᠢᠴᠡ | ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠨᠡᠶᠢᠲᠡᠯᠢᠭ ᠬᠡᠷᠡᠭ ᠤᠨ ᠵᠢᠱᠢᠶ᠎ᠡ᠂ ᠦᠷ᠎ᠡ ᠪᠦᠲᠦᠭᠡᠯ | ᠲᠤᠷᠰᠢᠯᠭ᠎ᠠ ᠶᠢ ᠲᠤᠩᠭᠠᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ | ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠵᠤ᠂ ᠰᠤᠷᠤᠯᠴᠠᠯᠭ᠎ᠠ ᠴᠢᠨᠠᠷ ᠴᠢᠨᠰᠠᠭ᠎ᠠ ᠲᠠᠢ᠂ ᠪᠠᠶᠢᠴᠠᠭᠠᠯᠲᠠ | ᠡᠷᠴᠢᠮ ᠲᠠᠢ᠂ ᠥᠭᠡᠷᠡᠴᠢᠯᠡᠯᠲᠡ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠨ᠎ᠠ᠃ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ | ᠲᠣᠭᠤᠷᠢᠨ ᠳᠤ᠂ ᠤᠯᠤᠰ ᠤᠨ ᠪᠠᠶᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠰᠢᠨᠵᠢᠯᠡᠭᠡᠨ ᠤ ᠰᠠᠯᠠᠭ᠎ᠠ᠂ | ᠲᠡᠷᠢᠭᠦᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ᠂ ᠰᠢᠨᠵᠢᠯᠡᠭᠡᠨ ᠤ ᠰᠠᠯᠠᠭᠠᠨ ᠤ | ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠬᠦᠴᠦᠯᠡᠴᠡ ᠶᠢᠨ ᠴᠡᠭ ᠪᠠ | ᠰᠢᠪᠲᠤᠯᠤᠯᠲᠠ ᠶᠢᠨ ᠴᠡᠭ ᠢ ᠦᠨᠡᠨ ᠬᠦ ᠣᠨᠣᠪᠴᠢᠲᠠᠢ ᠡᠵᠡᠮᠳᠡᠨ᠎ᠡ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ | ᠨᠡᠶᠢᠯᠡᠭᠦᠯᠦᠨ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠳᠤ ᠡᠨᠧᠷᠭᠢ ᠣᠯᠭᠤᠨ᠂ | ᠰᠢᠨᠵᠢᠯᠡᠬᠦ ᠤᠬᠠᠭᠠᠨ ᠤ ᠰᠤᠳᠤᠯᠭᠠᠨ ᠰᠤᠷᠭᠠᠨ ᠬᠥᠮᠦᠵᠢᠯ ᠢ ᠬᠠᠷᠠᠭᠠᠯᠵᠠᠬᠤ ᠵᠢᠭᠠᠨ ᠰᠤᠷᠭᠠᠯᠲᠠ ᠶᠢᠨ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠭᠰᠢ ᠶᠢᠨ ᠬᠥᠮᠥᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠪᠠᠭᠰᠢ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠤᠤᠷ ᠴᠢᠨᠠᠷ ᠢ ᠪᠠᠲᠤ ᠰᠠᠬᠢᠵᠤ᠂ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠪᠠᠭᠰᠢ ᠶᠢᠨ ᠮᠡᠷᠭᠡᠵᠢᠯ ᠤᠨ | ᠰᠤᠷᠤᠭᠴᠢ ᠶᠢ ᠬᠥᠮᠦᠵᠢᠭᠦᠯᠬᠦ ᠪᠠᠷ ᠬᠥᠲᠥᠯᠥᠨ ᠳᠠᠭᠠᠭᠤᠯᠵᠤ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ | ᠰᠠᠭᠤᠷᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ | ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠭᠠᠨ ᠤ | ᠰᠣᠯᠪᠢᠴᠠᠭᠰᠠᠨ ᠰᠢᠨᠵᠢᠯᠡᠭᠡᠨ ᠤ ᠰᠠᠯᠠᠭᠠᠨ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠠᠵᠢᠯᠯᠠᠭᠠᠨ ᠤ | ᠲᠥᠰᠦᠯ ᠢ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠡᠷᠳᠡᠮ | ᠰᠢᠨᠵᠢᠯᠡᠭᠡᠨ ᠤ ᠡᠩᠨᠡᠭᠡ ᠶᠢ ᠲᠡᠭᠦᠯᠳᠡᠷᠵᠢᠭᠦᠯᠦᠨ᠂ ᠬᠢᠴᠢᠶᠡᠯ ᠤᠨ ᠨᠡᠭᠡᠭᠡᠯᠲᠡ ᠪᠠ ᠰᠢᠨᠵᠢᠯᠡᠬᠦ ᠤᠬᠠᠭᠠᠨ ᠤ | ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ | ᠳᠣᠭᠲᠠᠯᠴᠠᠭ᠎ᠠ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠦᠢᠯᠡᠴᠢᠯᠡᠭᠡ ᠶᠢ ᠪᠠᠲᠤᠯᠠᠬᠤ ᠠᠵᠢᠯ ᠢ | ᠦᠨᠡᠨ ᠬᠦ ᠰᠢᠯᠢᠳᠡᠭᠵᠢᠭᠦᠯᠬᠦ ᠬᠡᠷᠡᠭᠲᠡᠢ᠃ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠴᠢᠬᠤᠯᠠ | ᠠᠴᠠ ᠴᠢᠬᠤᠯᠠ ᠵᠦᠢᠯ ᠪᠣᠯᠭᠠᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ | ᠠᠵᠢᠯ ᠣᠯᠭᠤᠬᠤ ᠠᠵᠢᠯ ᠤᠨ ᠪᠠᠶᠢᠷᠢ ᠶᠢ ᠭᠦᠨᠵᠡᠭᠡᠢ ᠢᠯᠡᠷᠡᠭᠦᠯᠵᠦ᠂ ᠴᠢᠨᠠᠷᠯᠢᠭ ᠮᠥᠷᠲᠡᠭᠡᠨ ᠭᠦᠢᠴᠡᠳ ᠠᠵᠢᠯ | ᠣᠯᠭᠤᠬᠤ ᠶᠢ ᠠᠬᠢᠭᠤᠯᠬᠤ ᠬᠡᠷᠡᠭᠲᠡᠢ᠃ ᠪᠠᠭᠰᠢ ᠰᠤᠷᠤᠭᠴᠢ ᠪᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠲᠤ | ᠪᠠᠬᠢ ᠪᠣᠢ ᠪᠣᠯᠭᠠᠵᠤ᠂ ᠰᠤᠷᠭᠠᠭᠤᠯᠢ ᠶᠢᠨ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ | ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠪᠠᠭᠰᠢ ᠰᠤᠷᠤᠭᠴᠢᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠰᠢᠢᠳᠪᠦᠷᠢᠯᠡᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠣᠶᠤᠨ ᠤ ᠬᠥᠮᠦᠷᠭᠡ ᠶᠢᠨ | ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠳᠠᠯᠢ ᠪᠤᠰᠤ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠢ ᠭᠦᠨᠵᠡᠭᠡᠢ ᠥᠷᠨᠢᠭᠦᠯᠵᠦ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ | ᠦᠨᠡᠯᠡᠵᠦ ᠬᠢᠨᠠᠨ ᠰᠢᠯᠭᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠬᠦᠴᠦᠨ ᠨᠡᠮᠡᠷᠢᠯᠡᠵᠦ᠂ ᠰᠤᠷᠭᠠᠨ ᠬᠥᠮᠦᠵᠢᠯ | ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠭ᠎ᠠ ᠳᠠᠪᠠᠭᠤᠯᠢᠭ ᠮᠥᠷᠲᠡᠭᠡᠨ ᠣᠨᠴᠠᠯᠢᠭ ᠲᠠᠢ | ᠰᠢᠨᠵᠢᠯᠡᠭᠡᠨ ᠤ ᠰᠠᠯᠠᠭ᠎ᠠ ᠶᠢᠨ ᠪᠥᠯᠦᠭᠵᠢᠯ ᠢ ᠪᠠᠶᠢᠭᠤᠯᠵᠤ᠂ ᠴᠢᠬᠤᠯᠠ ᠶᠡᠭᠡ ᠦᠢᠯᠡᠳᠦᠯᠭᠡ ᠶᠢᠨ ᠠᠰᠠᠭᠤᠳᠠᠯ ᠪᠣᠯᠤᠨ | ᠪᠠᠷᠠᠯᠠᠯᠲᠤ ᠣᠨᠣᠯ ᠤᠨ ᠬᠠᠮᠵᠢᠯᠴᠠᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯᠠᠭᠤᠯᠤᠯᠲᠠ ᠶᠢ | ᠪᠦᠬᠦ ᠲᠠᠯ᠎ᠠ ᠪᠠᠷ ᠪᠠᠶᠢᠭᠤᠯᠬᠤ ᠳᠤ ᠴᠢᠳᠠᠪᠤᠷᠢᠲᠠᠨ ᠪᠠ ᠣᠶᠤᠨ ᠤ ᠲᠤᠯᠭᠠᠭᠤᠷᠢᠯᠠᠯ ᠢ ᠬᠠᠩᠭᠠᠨ᠎ᠠ ᠭᠡᠵᠦ | ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠶᠠᠩ ᠢᠦᠢ ᠴᠦᠨ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ | ᠲᠠᠰᠤᠭ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |