5 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠱᠠᠨᠳᠦ᠋ᠩ ᠶᠡᠭᠡ ᠰᠤᠷᠭᠠᠭᠤᠯᠢ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ | ᠬᠥᠬᠡᠬᠤᠲᠠ ᠳᠤ ︽ᠱᠠᠨᠳᠦ᠋ᠩ ᠶᠡᠭᠡ ᠰᠤᠷᠭᠠᠭᠤᠯᠢ ᠶᠢᠨ ᠥᠪᠥᠷ ᠮᠣᠩᠭᠤᠯ ᠳᠠᠬᠢ ᠰᠤᠳᠤᠯᠭᠠᠨ ᠤ ᠬᠦᠷᠢᠶᠡᠯᠡᠩ︾ ᠢ | ᠬᠠᠮᠲᠤ ᠳᠤ ᠪᠠᠨ ᠪᠠᠶᠢᠭᠤᠯᠬᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠡᠭᠦᠨ ᠤ ᠬᠠᠮᠲᠤ᠂ | ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ | ᠥᠪᠡᠷᠲᠡᠭᠡᠨ ᠵᠠᠰᠠᠬᠤ ᠣᠷᠣᠨ ᠤ 6 ᠶᠡᠭᠡ ᠳᠡᠭᠡᠳᠦ ᠰᠤᠷᠭᠠᠭᠤᠯᠢ ᠱᠠᠨᠳᠦ᠋ᠩ ᠶᠡᠭᠡ ᠰᠤᠷᠭᠠᠭᠤᠯᠢ ᠲᠠᠢ ᠲᠤᠰ ᠲᠤᠰ | ︽ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ ᠡᠨᠡ ᠤᠳᠠᠭᠠᠨ ᠤ ᠬᠠᠮᠲᠤᠷᠠᠯᠴᠠᠭ᠎ᠠ | ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠪᠣᠯᠤᠨ ᠱᠠᠨᠳᠦ᠋ᠩ ᠶᠡᠭᠡ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ | ᠬᠡᠯᠡᠯᠴᠡᠭᠡᠷ︾ ᠢ ᠨᠠᠶᠢᠳᠠᠪᠤᠷᠢᠵᠢᠭᠤᠯᠤᠭᠰᠠᠨ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠱᠠᠨᠳᠦ᠋ᠩ ᠶᠡᠭᠡ | ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠷᠧᠨ ᠶᠢᠦ ᠴᠢᠶᠦ᠋ᠨ ᠨᠡᠷ ᠲᠠᠢ ᠠᠭᠤᠯᠵᠠᠭᠰᠠᠨ ᠪᠥᠭᠡᠳ ᠭᠠᠷ ᠤᠨ | ᠦᠰᠦᠭ ᠵᠢᠷᠤᠬᠤ ᠶᠢ ᠬᠠᠮᠲᠤ ᠳᠤ ᠪᠠᠨ ᠭᠡᠷᠡᠴᠢᠯᠡᠪᠡ᠃ | | | | | | | ᠡᠨᠡ ᠤᠳᠠᠭᠠᠨ ᠤ ᠰᠤᠳᠤᠯᠭᠠᠨ ᠤ ᠬᠦᠷᠢᠶᠡᠯᠡᠩ ᠢ ᠬᠠᠮᠲᠤ ᠳᠤ ᠪᠠᠨ ᠪᠠᠶᠢᠭᠤᠯᠬᠤ ᠵᠣᠷᠢᠯᠲᠠ ᠪᠣᠯ ᠭᠤᠷᠪᠠᠨ | ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ | ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠤᠨ᠂ ᠣᠯᠠᠨ ᠤᠯᠤᠰ ᠤᠨ ᠡᠷᠳᠡᠮ | ᠰᠢᠨᠵᠢᠯᠡᠭᠡᠨ ᠤ ᠬᠤᠰᠢᠭᠤᠷᠠᠯ ᠪᠣᠯᠤᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ | ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠴᠢᠳᠠᠪᠤᠷᠢᠲᠠᠨ ᠬᠥᠮᠦᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠭᠠᠨ ᠬᠥᠮᠦᠵᠢᠯ ᠤᠨ ᠬᠡᠯᠬᠢᠶ᠎ᠡ᠂ | ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠪᠣᠯᠤᠨ ᠠᠵᠤ ᠦᠢᠯᠡᠰ ᠤᠨ ᠬᠡᠯᠬᠢᠶ᠎ᠡ ᠶᠢ ᠣᠷᠭᠠᠨᠢᠭ ᠢᠶᠠᠷ | ᠵᠣᠯᠭᠠᠭᠤᠯᠬᠤ ᠶᠢ ᠪᠡᠶᠡᠯᠡᠭᠦᠯᠵᠦ᠂ ᠮᠠᠨ ᠤ ᠣᠷᠣᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠳᠬᠡᠨ ᠬᠥᠭᠵᠢᠭᠦᠯᠬᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠠᠬᠢᠭᠤᠯᠬᠤ ᠳᠤ | ᠬᠦᠴᠦᠷᠬᠡᠭ ᠶᠡᠭᠡ ᠣᠶᠤᠨ ᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃ ᠬᠠᠮᠲᠤᠷᠠᠯᠴᠠᠭᠠᠨ ᠤ ᠬᠡᠯᠡᠯᠴᠡᠭᠡᠷ ᠢ | ᠦᠨᠳᠦᠰᠦᠯᠡᠪᠡᠯ᠂ ᠭᠤᠷᠪᠠᠨ ᠲᠠᠯ᠎ᠠ ᠪᠠᠷ ᠢᠶᠠᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠪᠠᠶᠢᠯᠳᠤᠬᠤ ᠪᠣᠳᠣᠯᠭ᠎ᠠ ᠪᠠ ᠰᠢᠢᠳᠪᠦᠷᠢᠲᠦ | ᠪᠣᠳᠣᠯᠭ᠎ᠠ ᠳᠤ ᠵᠦᠪᠯᠡᠯᠭᠡ ᠥᠭᠬᠦ᠂ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠵᠢᠷᠭᠤᠭᠠᠨ ᠶᠡᠭᠡ | ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ | ᠠᠬᠤᠢ ᠶᠢᠨ ᠶᠡᠭᠡ ᠰᠤᠷᠭᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ ᠤ 6 ᠶᠡᠭᠡ ᠳᠡᠭᠡᠳᠦ ᠰᠤᠷᠭᠠᠭᠤᠯᠢ ᠱᠠᠨᠳᠦ᠋ᠩ | ᠶᠡᠭᠡ ᠰᠤᠷᠭᠠᠭᠤᠯᠢ ᠲᠠᠢ ᠲᠤᠰ ᠲᠤᠰ ︽ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ | ᠵᠢᠷᠤᠪᠠ᠃ ᠬᠤᠶᠠᠷ ᠲᠠᠯ᠎ᠠ ᠪᠠᠷ ᠢᠶᠠᠨ ᠰᠢᠨᠵᠢᠯᠡᠭᠡᠨ ᠤ ᠰᠠᠯᠠᠭ᠎ᠠ ᠶᠢ ᠬᠠᠮᠲᠤ ᠳᠤ ᠪᠠᠨ ᠪᠠᠶᠢᠭᠤᠯᠬᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ᠂ ᠴᠢᠳᠠᠪᠤᠷᠢᠲᠠᠨ ᠤ ᠰᠣᠯᠢᠯᠴᠠᠭ᠎ᠠ᠂ ᠲᠠᠪᠴᠠᠩ ᠢ ᠬᠠᠮᠲᠤ ᠳᠤ ᠪᠠᠨ | ᠬᠤᠪᠢᠶᠠᠯᠴᠠᠨ ᠡᠳ᠋ᠯᠡᠬᠦ ᠵᠡᠷᠭᠡ ᠲᠠᠯ᠎ᠠ ᠪᠠᠷ ᠨᠠᠷᠢᠯᠢᠭ ᠣᠨᠣᠴᠠᠲᠠᠢ ᠵᠣᠯᠭᠠᠭᠤᠯᠪᠠ᠂ ᠲᠤᠬᠠᠶᠢᠯᠠᠪᠠᠯ᠂ ᠥᠪᠥᠷ | ᠮᠣᠩᠭᠤᠯ ᠤᠨ ᠶᠡᠭᠡ ᠰᠤᠷᠭᠠᠭᠤᠯᠢ ᠪᠣᠯᠤᠨ ᠱᠠᠨᠳᠦ᠋ᠩ ᠶᠡᠭᠡ ᠰᠤᠷᠭᠠᠭᠤᠯᠢ ᠶᠢᠨ ᠠᠮᠢᠳᠤ ᠪᠣᠳᠠᠰ ᠤᠨ ᠤᠬᠠᠭᠠᠨ᠂ ᠠᠮᠢ | ᠠᠬᠤᠢ ᠶᠢᠨ ᠤᠬᠠᠭᠠᠨ ᠵᠡᠷᠭᠡ ᠰᠢᠨᠵᠢᠯᠡᠭᠡᠨ ᠤ ᠰᠠᠯᠠᠭ᠎ᠠ ᠬᠤᠯᠪᠣᠭᠠᠯᠠᠨ ᠪᠣᠭᠤᠮᠲᠠ ᠰᠢᠪᠲᠤᠯᠬᠤ︔ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯᠤᠨ ᠱᠠᠨᠳᠦ᠋ᠩ ᠶᠡᠭᠡ ᠰᠤᠷᠭᠠᠭᠤᠯᠢ ᠡᠨᠧᠷᠭᠢ ᠶᠢᠨ | ᠬᠥᠳᠡᠯᠭᠡᠬᠦ ᠬᠦᠴᠦᠨ᠂ ᠣᠶᠤᠨᠴᠢ ᠦᠢᠯᠡᠳᠬᠦ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠢ ᠬᠠᠮᠲᠤ ᠳᠤ ᠪᠠᠨ | ᠪᠠᠶᠢᠭᠤᠯᠬᠤ︔ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠪᠣᠯᠤᠨ ᠱᠠᠨᠳᠦ᠋ᠩ ᠶᠡᠭᠡ | ᠰᠤᠷᠭᠠᠭᠤᠯᠢ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ᠂ ᠡᠮᠴᠢᠯᠡᠭᠡᠨ ᠤ ᠰᠢᠨᠵᠢᠯᠡᠬᠦ ᠤᠬᠠᠭᠠᠨ ᠤ | ᠰᠤᠳᠤᠯᠭᠠᠨ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠣᠯᠤᠨ᠎ᠠ᠃ ᠲᠤᠰ ᠠᠷᠭ᠎ᠠ ᠬᠡᠮᠵᠢᠶ᠎ᠡ ᠨᠢ | ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠪᠣᠯᠤᠨ ᠱᠠᠨᠳᠦ᠋ᠩ ᠶᠡᠭᠡ ᠰᠤᠷᠭᠠᠭᠤᠯᠢ ᠶᠢᠨ ᠬᠠᠮᠲᠤᠷᠠᠯᠴᠠᠭ᠎ᠠ ᠨᠢ | ᠳᠠᠩ ᠭᠠᠭᠴᠠ ᠲᠥᠷᠥᠯ ᠵᠦᠢᠯ ᠪᠠᠶᠢᠭᠰᠠᠨ ᠠᠴᠠ ᠰᠢᠰᠲ᠋ᠧᠮᠲᠦ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠬᠠᠮᠲᠤᠷᠠᠯᠴᠠᠭ᠎ᠠ ᠲᠡᠶᠢᠰᠢ ᠳᠡᠰ ᠳᠡᠪᠰᠢᠨ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠬᠤᠣᠰ | ᠲᠡᠷᠢᠭᠦᠨ︾ ᠤ ᠪᠠᠶᠢᠭᠤᠯᠤᠯᠲᠠ ᠪᠠ ᠠᠭᠤᠯᠤᠭᠳᠠᠬᠤᠨᠲᠤ ᠮᠠᠶ᠋ᠢᠭ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠭᠰᠡᠨ ᠢ ᠬᠠᠷᠠᠭᠤᠯᠵᠤ ᠪᠣᠢ᠃ | ᠡᠨᠡ ᠤᠳᠠᠭᠠᠨ ᠤ ᠬᠠᠮᠲᠤᠷᠠᠯᠴᠠᠭ᠎ᠠ ᠪᠣᠯ ᠮᠠᠨ ᠤ ᠣᠷᠣᠨ ᠤ ︽ᠰᠤᠷᠭᠠᠭᠤᠯᠢ ᠪᠠ ᠣᠷᠣᠨ ᠨᠤᠲᠤᠭ | ᠬᠠᠮᠵᠢᠯᠴᠠᠨ᠂ ᠠᠵᠤ ᠦᠢᠯᠡᠰ ᠪᠠ ᠰᠤᠷᠭᠠᠭᠤᠯᠢ ᠶᠢ ᠠᠭᠤᠰᠬᠠᠬᠤ︾ ᠰᠢᠨ᠎ᠡ ᠶᠢ ᠡᠭᠦᠳᠬᠦ ᠳᠣᠭᠲᠠᠯᠴᠠᠭ᠎ᠠ ᠶᠢ | ᠪᠠᠶᠢᠭᠤᠯᠬᠤ ᠴᠢᠬᠤᠯᠠ ᠦᠢᠯᠡᠳᠦᠯᠭᠡ ᠪᠣᠯᠤᠨ᠎ᠠ᠂ ᠡᠨᠡ ᠨᠢ ᠤᠯᠤᠰ ᠤᠨ ᠬᠢᠯᠢ ᠬᠢᠵᠠᠭᠠᠷ ᠣᠷᠣᠨ ᠤ ᠬᠥᠭᠵᠢᠯᠲᠡ ᠶᠢ | ᠳᠡᠮᠵᠢᠬᠦ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠮᠥᠷᠲᠡᠭᠡᠨ ᠪᠠᠰᠠ | ᠱᠠᠨᠳᠦ᠋ᠩ ᠶᠡᠭᠡ ᠰᠤᠷᠭᠠᠭᠤᠯᠢ ᠶᠢᠨ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠰᠢᠨ᠎ᠡ ᠦᠢᠯᠡᠳᠦᠯᠭᠡ ᠶᠢᠨ | ᠪᠠᠶᠢᠳᠠᠯ ᠢ ᠥᠷᠭᠡᠳᠬᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠶᠡᠭᠡ ᠳᠡᠭᠡᠳᠦ | ᠰᠤᠷᠭᠠᠭᠤᠯᠢ ᠶᠢᠨ ᠣᠶᠤᠨ ᠤ ᠡᠬᠢ ᠪᠠᠶᠠᠯᠢᠭ ᠪᠣᠯᠤᠨ ᠣᠷᠣᠨ ᠨᠤᠲᠤᠭ ᠤᠨ ᠠᠵᠤ ᠦᠢᠯᠡᠰ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠡᠯ᠎ᠡ ᠵᠦᠢᠯ ᠤᠨ ᠬᠠᠮᠲᠤᠷᠠᠯᠴᠠᠭᠠᠨ ᠤ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠠᠬᠢᠭᠤᠯᠤᠨ᠂ ᠣᠷᠣᠨ ᠪᠦᠰᠡ ᠠᠯᠤᠰᠯᠠᠭᠰᠠᠨ ᠰᠤᠷᠭᠠᠭᠤᠯᠢ ᠣᠷᠣᠨ ᠨᠤᠲᠤᠭ᠂ ᠰᠤᠷᠭᠠᠭᠤᠯᠢ | ᠰᠤᠷᠭᠠᠭᠤᠯᠢ ᠶᠢᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠴᠢᠷᠮᠠᠶᠢᠨ ᠡᠭᠦᠳᠴᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠤᠷᠭᠠᠨ | ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃ | | | | |