| ᠣᠶᠢᠷ᠎ᠠ ᠶᠢᠨ ᠵᠢᠯ᠂ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠣᠷᠣᠨ | ᠨᠤᠲᠤᠭ ᠤᠨ ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠤᠪᠢᠰᠬᠠᠯ ᠤᠨ ᠰᠣᠶᠣᠯ ᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠠᠢ ᠭᠦᠨᠵᠡᠭᠡᠢ ᠠᠭᠤᠰᠬᠠᠬᠤ ᠪᠠᠷ | ︽ᠬᠦᠴᠦᠯᠡᠬᠦ ᠴᠡᠭ︾ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ | ᠪᠠᠶᠢᠭᠤᠯᠬᠤ ᠪᠠᠷ ︽ᠴᠥᠮ᠎ᠡ︾ ᠪᠣᠯᠭᠠᠵᠤ᠂ ︽ᠬᠢᠴᠢᠶᠡᠯ ᠤᠨ ᠲᠠᠩᠬᠢᠮ ᠳᠤ ᠠᠭᠤᠰᠬᠠᠵᠤ᠂ ᠨᠡᠶᠢᠭᠡᠮ ᠳᠤ | ᠠᠭᠤᠰᠬᠠᠨ᠂ ᠲᠠᠪᠴᠠᠩ ᠳᠤ ᠠᠭᠤᠰᠬᠠᠵᠤ᠂ ᠰᠣᠶᠣᠯ ᠳᠤ ᠠᠭᠤᠰᠬᠠᠨ᠂ ᠰᠦᠯᠵᠢᠶ᠎ᠡ ᠳᠤ ᠠᠭᠤᠰᠬᠠᠬᠤ︾ ᠪᠠᠷ | ︽ᠲᠠᠪᠤᠨ ᠵᠢᠭᠦᠷ︾ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠲᠤᠰᠤᠯᠳᠠ ᠪᠣᠯᠭᠠᠭᠰᠠᠨ ︽ᠨᠢᠭᠡ ᠴᠥᠮ᠎ᠡ ᠲᠠᠪᠤᠨ ᠵᠢᠭᠦᠷ︾ ᠤᠨ ᠵᠠᠭᠪᠤᠷ ᠢ ᠡᠭᠦᠳᠴᠦ᠂ ᠦᠵᠡᠯ | ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠬᠤ ︽ᠪᠠᠬᠢᠯᠡᠯᠲᠡ︾ ᠶᠢ ᠪᠠᠶᠢᠭᠤᠯᠤᠨ᠂ ᠦᠨᠳᠦᠰᠦᠲᠡᠨ | ᠨᠦᠭᠦᠳ ᠤᠨ ᠪᠠᠭᠰᠢ ᠰᠤᠷᠤᠭᠴᠢᠳ ᠤᠨ ︽ᠰᠡᠳᠬᠢᠯ ᠢ ᠬᠤᠯᠪᠣᠬᠤ ᠬᠥᠭᠦᠷᠭᠡ︾ ᠶᠢ ᠪᠤᠰᠬᠠᠵᠤ᠂ ᠪᠣᠳᠠᠲᠤ | ᠠᠵᠢᠯᠯᠠᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ︽ᠦᠨᠳᠦᠰᠦ︾ ᠪᠠ | ︽ᠰᠦᠭ︾ ᠢ ᠪᠠᠲᠤᠳᠬᠠᠪᠠ᠃ | ᠬᠢᠴᠢᠶᠡᠯ ᠤᠨ ᠲᠠᠩᠬᠢᠮ ᠳᠤ ᠠᠭᠤᠰᠬᠠᠵᠤ᠂ ᠦᠵᠡᠯ ᠰᠠᠨᠠᠭᠠᠨ ᠤ ᠵᠢᠯᠣᠭᠤᠳᠣᠯᠭ᠎ᠠ ᠶᠢ ᠠᠬᠢᠭᠤᠯᠪᠠ ᠃ | ᠨᠢᠭᠡ ᠳᠤ᠂ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠶᠣᠰᠣ ᠰᠤᠷᠲᠠᠬᠤᠨ ᠢ ᠪᠣᠢ ᠪᠣᠯᠭᠠᠵᠤ | ᠬᠥᠮᠦᠨ ᠬᠥᠮᠦᠵᠢᠭᠦᠯᠬᠦ ᠵᠠᠩᠭᠢᠯᠠᠭ᠎ᠠ ᠶᠢᠨ ᠬᠢᠴᠢᠶᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽︿ᠵᠢᠷᠭᠤᠭᠠᠨ ᠦᠭᠡ | ᠥᠭᠦᠯᠡᠪᠦᠷᠢ﹀ ᠶᠢᠨ ᠪᠣᠳᠠᠲᠤ ᠶᠠᠪᠤᠳᠠᠯ ᠤᠨ ᠶᠣᠰᠣ ᠵᠦᠢ︾᠂ ︽ᠲᠤᠯᠤᠭᠠᠨ ᠵᠢᠱᠢᠶᠡᠴᠢ ᠪᠣᠯᠬᠤ︾ ᠵᠡᠷᠭᠡ | ᠠᠭᠤᠯᠭ᠎ᠠ ᠶᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ | ᠰᠤᠷᠭᠠᠯᠲᠠ ᠳᠤ ᠠᠭᠤᠰᠬᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ | ᠠᠨᠠᠷ ᠤᠨ ᠦᠷ᠎ᠡ ᠶᠢᠨ ᠵᠢᠷᠤᠭᠲᠤ ᠨᠣᠮ ᠢ ᠣᠩᠰᠢᠭᠤᠯᠵᠤ᠂ ︽ᠶᠣᠰᠣ ᠰᠤᠷᠲᠠᠬᠤᠨ ᠢ ᠪᠣᠢ ᠪᠣᠯᠭᠠᠵᠤ ᠬᠡᠦᠬᠡᠳ ᠢ | ᠬᠥᠮᠥᠵᠢᠬᠦᠯᠬᠦ ᠪᠢᠴᠢᠯ ᠬᠢᠴᠢᠶᠡᠯ︾ ᠢ ᠨᠡᠭᠡᠭᠡᠪᠡ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ | ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠤᠷᠤᠭᠴᠢᠳ ᠤᠨ ᠣᠩᠰᠢᠭᠤ︾᠂ ︽ᠳᠤᠮᠳᠠᠳᠤ ᠶᠢᠨ ᠦᠨᠳᠦᠰᠦᠲᠡᠨ ᠤ ᠶᠡᠭᠡ ᠭᠡᠷ | ᠪᠦᠯᠢ︾᠂ ︽ᠳᠤᠮᠳᠠᠳᠤ ᠶᠢᠨ ᠦᠨᠳᠦᠰᠦᠲᠡᠨ ᠤ ᠶᠡᠭᠡ ᠪᠥᠯᠬᠦᠮᠳᠡᠯ︾ ᠢ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠲᠥᠯᠥᠪᠯᠡᠭᠡ ᠳᠤ ᠣᠷᠣᠭᠤᠯᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ | ᠦᠵᠡᠯ ᠰᠠᠨᠠᠭ᠎ᠠ ᠤᠯᠤᠰ ᠲᠥᠷᠥ᠂ ᠲᠡᠦᠬᠡ ᠶᠢᠨ ᠬᠢᠴᠢᠶᠡᠯ ᠢ ᠰᠠᠶᠢᠲᠤᠷ ᠶᠠᠷᠢᠵᠤ᠂ ᠲᠤᠰᠬᠠᠢ ᠰᠡᠳᠦᠪᠲᠦ ᠠᠩᠭᠢ | ︵ᠪᠦᠯᠬᠦᠮ︶ ᠶᠢᠨ ᠬᠤᠷᠠᠯ ᠢ ᠵᠣᠬᠢᠶᠠᠨ ᠪᠠᠶᠢᠭᠤᠯᠪᠠ᠃ ᠬᠤᠶᠠᠷ ᠲᠤ᠂ ᠬᠢᠴᠢᠶᠡᠯ ᠤᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ | ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ︽ᠠᠯᠲᠠᠨ ᠬᠢᠴᠢᠶᠡᠯ︾ ᠢ ᠳᠡᠯᠭᠡᠨ ᠦᠵᠡᠭᠦᠯᠵᠦ | ᠰᠣᠯᠢᠯᠴᠠᠬᠤ ᠠᠵᠢᠯᠯᠠᠭ᠎ᠠ ᠶᠢ ᠡᠷᠬᠢᠯᠡᠨ᠂ 85 ︽ᠠᠨᠠᠷ ᠤᠯᠠᠭᠠᠨ︾᠂ ︽ᠰᠠᠨᠰᠠᠷ ᠬᠥᠬᠡ︾᠂ ︽ᠤᠮᠠᠷᠠᠲᠤ ᠬᠢᠯᠢ | ᠨᠣᠭᠤᠭᠠᠨ︾ ᠵᠡᠷᠭᠡ ᠦᠵᠡᠯ ᠰᠠᠨᠠᠭ᠎ᠠ ᠤᠯᠤᠰ ᠲᠥᠷᠥ ᠶᠢᠨ ᠰᠢᠷᠢᠰ ︽ᠠᠯᠲᠠᠨ ᠬᠢᠴᠢᠶᠡᠯ︾ ᠢ ᠪᠠᠶᠢᠭᠤᠯᠪᠠ᠃ ᠪᠦᠬᠦ | ᠬᠤᠲᠠ ᠶᠢᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ | ᠲᠠᠶᠢᠰᠠᠨ ᠳᠡᠭᠡᠷᠡᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠢᠯᠢᠳᠡᠭ ᠬᠢᠴᠢᠶᠡᠯ ᠤᠨ ᠳᠡᠪᠲᠡᠷ ᠤᠨ | ᠵᠦᠴᠦᠭᠡ ︵ᠦᠵᠡᠭᠳᠡᠯᠲᠦ ᠵᠦᠴᠦᠭᠡ︶ ᠶᠢᠨ ᠤᠷᠤᠯᠳᠤᠭᠠᠨ ᠪᠠ ᠪᠦᠬᠦ ᠬᠤᠲᠠ ᠶᠢᠨ ᠶᠡᠭᠡ ᠳᠡᠭᠡᠳᠦ ᠰᠤᠷᠭᠠᠭᠤᠯᠢ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢ ︽ᠤᠮᠠᠷᠠᠲᠤ ᠬᠢᠯᠢ ᠶᠢᠨ ᠬᠥᠪᠡᠭᠦᠳ ᠥᠬᠢᠳ ᠰᠡᠳᠬᠢᠯ | ᠨᠠᠮ ᠢᠶᠠᠨ ᠲᠠᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠪᠢ ᠶᠠᠷᠢᠶ᠎ᠠ︾ ᠭᠡᠬᠦ ᠪᠢᠴᠢᠯ | ᠸᠢᠳᠢᠣ᠋ ᠦᠢᠯᠡᠳᠬᠦ ᠤᠷᠤᠯᠳᠤᠭᠠᠨ ᠢ ᠡᠷᠬᠢᠯᠡᠵᠦ᠂ ︽ᠲᠠᠯ᠎ᠠ ᠨᠤᠲᠤᠭ ᠤᠨ ᠡᠵᠢ ᠳᠦᠭᠢᠮᠡ︾ ᠵᠡᠷᠭᠡ 32 ᠰᠢᠯᠢᠳᠡᠭ | ᠪᠦᠲᠦᠭᠡᠯ ᠢ ᠰᠣᠩᠭᠤᠨ ᠭᠠᠷᠭᠠᠪᠠ᠃ ᠰᠤᠷᠤᠭᠴᠢᠳ ᠤᠨ ᠣᠶᠢᠯᠠᠭᠠᠯᠲᠠ ᠲᠥᠷᠥᠭᠳᠡᠯ ᠢ ᠨᠡᠮᠡᠭᠳᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ | ᠰᠡᠳᠬᠢᠯ ᠳᠤ ᠨᠢ ᠰᠢᠩᠭᠡᠭᠡᠨ ᠲᠠᠷᠢᠬᠢᠨ ᠳᠤ ᠨᠢ ᠬᠠᠳᠠᠩᠰᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ | | | | | ᠵᠢᠨᠢᠩ ᠲᠣᠭᠤᠷᠢᠭ ᠤᠨ ᠶᠥᠩ ᠠᠨ ᠵᠠᠮ ᠤᠨ ᠪᠠᠭ᠎ᠠ ᠰᠤᠷᠭᠠᠭᠤᠯᠢ ︽ᠤᠮᠠᠷᠠᠲᠤ ᠬᠢᠯᠢ ᠶᠢᠨ ᠰᠣᠶᠣᠯ ᠢ | ᠤᠯᠠᠮᠵᠢᠯᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ︾ ︽ᠪᠢᠴᠢᠬᠠᠨ ᠮᠣᠩᠭᠤᠯ ᠮᠣᠷᠢ︾ ᠶᠣᠰᠣ | ᠰᠤᠷᠲᠠᠬᠤᠨ ᠤ ᠬᠥᠮᠦᠵᠢᠯ ᠤᠨ ᠦᠢᠯᠡᠳᠦᠯᠭᠡ ᠶᠢᠨ ᠬᠢᠴᠢᠶᠡᠯ ᠢ ᠥᠷᠨᠢᠭᠦᠯᠪᠡ | | | | | ᠯᠢᠶᠠᠩᠴᠧᠩ ᠰᠢᠶᠠᠨ ᠤ ᠨᠢᠭᠡᠳᠦᠭᠡᠷ ᠬᠡᠦᠬᠡᠳ ᠤᠨ ᠴᠡᠴᠡᠷᠯᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ | | | | | ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠬᠤᠲᠠ ᠶᠢᠨ ᠶᠡᠭᠡ ᠳᠡᠭᠡᠳᠦ | ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ︽ᠠᠩᠬᠠᠳᠤᠭᠠᠷ ᠬᠤᠭᠤᠴᠠᠭᠠᠨ ᠤ ᠲᠠᠶᠢᠰᠠᠨ ᠳᠡᠭᠡᠷᠡᠬᠢ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠢᠯᠢᠳᠡᠭ ᠬᠢᠴᠢᠶᠡᠯ ᠤᠨ ᠳᠡᠪᠲᠡᠷ ᠤᠨ ᠵᠦᠴᠦᠭᠡ ︵ᠦᠵᠡᠭᠳᠡᠯᠲᠦ | ᠵᠦᠴᠦᠭᠡ︶ ᠶᠢᠨ ᠤᠷᠤᠯᠳᠤᠭᠠᠨ ᠢ ᠡᠷᠬᠢᠯᠡᠪᠡ | | ᠨᠡᠶᠢᠭᠡᠮ ᠳᠤ ᠠᠭᠤᠰᠬᠠᠵᠤ᠂ ᠬᠤᠪᠢᠰᠬᠠᠯ ᠤᠨ ᠤᠯᠠᠮᠵᠢᠯᠠᠯ ᠢ ᠠᠬᠢᠭᠤᠯᠪᠠ᠃ ᠦᠢᠯᠡᠳᠦᠯᠭᠡ ᠶᠢᠨ | ᠬᠥᠮᠦᠵᠢᠯ ᠢ ᠴᠢᠩᠭᠠᠳᠬᠠᠵᠤ᠂ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠂ ᠤᠯᠠᠭᠠᠨᠴᠠᠪ ᠬᠤᠲᠠ ᠶᠢᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ | ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ | ᠰᠠᠭᠤᠷᠢᠨ ᠭᠠᠵᠠᠷ᠂ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ᠂ ᠮᠦᠽᠧᠢ᠂ ᠬᠤᠪᠢᠰᠬᠠᠯ ᠤᠨ ᠬᠠᠭᠤᠴᠢᠨ | ᠪᠠᠭᠤᠷᠢ ᠵᠡᠷᠭᠡ ᠡᠬᠢ ᠪᠠᠶᠠᠯᠢᠭ ᠢ ᠠᠰᠢᠭᠯᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠰᠣᠶᠣᠯ᠂ ᠲᠡᠦᠬᠡ᠂ ᠰᠤᠷᠭᠠᠨ | ᠬᠥᠮᠦᠵᠢᠯ ᠤᠨ ᠡᠬᠢ ᠪᠠᠶᠠᠯᠢᠭ ᠢ ᠢᠯᠡᠷᠡᠭᠦᠯᠦᠨ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠢ ᠵᠣᠬᠢᠶᠠᠨ ᠪᠠᠶᠢᠭᠤᠯᠤᠨ ︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ︾ ᠢ 1200 ᠭᠠᠷᠤᠢ ᠤᠳᠠᠭ᠎ᠠ ᠰᠤᠳᠤᠯᠤᠨ ᠰᠤᠷᠤᠯᠴᠠᠭᠤᠯᠵᠤ᠂ ︽ᠶᠡᠭᠡ ᠦᠵᠡᠯ ᠰᠠᠨᠠᠭ᠎ᠠ ᠤᠯᠤᠰ | ᠲᠥᠷᠥ︾ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ 3 ᠢ ᠪᠠᠶᠢᠭᠤᠯᠵᠤ᠂ | ᠰᠤᠷᠭᠠᠭᠤᠯᠢ ᠶᠢᠨ ︽ᠪᠢᠴᠢᠯ ᠬᠢᠴᠢᠶᠡᠯ ᠤᠨ ᠲᠠᠩᠬᠢᠮ︾ ᠪᠣᠯᠤᠨ ᠨᠡᠶᠢᠭᠡᠮ ᠤᠨ ︽ᠲᠣᠮᠣ ᠬᠢᠴᠢᠶᠡᠯ ᠤᠨ | ᠲᠠᠩᠬᠢᠮ︾ ᠢ ᠣᠷᠭᠠᠨᠢᠭ ᠢᠶᠠᠷ ᠨᠡᠪᠲᠡᠷᠡᠭᠦᠯᠬᠦ ᠶᠢ ᠠᠬᠢᠭᠤᠯᠪᠠ᠃ ᠪᠡᠭᠡᠵᠢᠩ ᠥᠪᠥᠷ ᠮᠣᠩᠭᠤᠯ ᠤᠨ ᠵᠠᠯᠠᠭᠤᠴᠤᠳ | ᠪᠠᠭᠠᠴᠤᠳ ᠤᠨ ︽ᠡᠷᠴᠢ ᠵᠣᠷᠢᠭ ᠢᠶᠠᠨ ᠬᠥᠪᠴᠢᠯᠡᠨ ᠰᠤᠳᠤᠯᠤᠨ ᠰᠤᠷᠤᠯᠴᠠᠬᠤ︾᠂ ︽ᠠᠨᠠᠷ ᠤᠨ ᠦᠷ᠎ᠡ ᠰᠢᠭ | ᠰᠡᠳᠬᠢᠯ ᠨᠢᠭᠡᠳᠦᠨ ᠢᠷᠡᠭᠡᠳᠦᠢ ᠵᠦᠭ ᠲᠡᠮᠡᠦᠯᠬᠦ︾᠂ ︽ᠦᠨᠳᠦᠰᠦᠲᠡᠨ ᠨᠦᠭᠦᠳ ᠪᠦᠯᠬᠦᠮᠳᠡᠨ ᠨᠢᠭᠡᠨ ᠭᠡᠷ ᠤᠨ ᠬᠢᠨ | ᠮᠡᠲᠦ ᠳᠣᠲᠣᠨᠣ︾᠂ ︽ᠪᠡᠭᠡᠵᠢᠩ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠬᠤᠷᠰᠢᠶᠠᠯᠠᠵᠤ᠂ ᠭᠠᠷ | ᠬᠤᠯᠪᠣᠯᠴᠠᠬᠤ︾ ᠵᠡᠷᠭᠡ ᠡᠯ᠎ᠡ ᠲᠥᠷᠥᠯ ᠤᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ᠂ ᠰᠤᠷᠤᠯᠴᠠᠨ | ᠰᠣᠯᠢᠯᠴᠠᠬᠤ᠂ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠶᠢ 80 ᠭᠠᠷᠤᠢ ᠲᠠᠯᠠᠪᠤᠷ ᠢᠳᠡᠪᠬᠢᠲᠡᠢ ᠵᠣᠬᠢᠶᠠᠨ | ᠪᠠᠶᠢᠭᠤᠯᠤᠨ ᠥᠷᠨᠢᠭᠦᠯᠵᠦ᠂ 18600 ᠭᠠᠷᠤᠢ ᠵᠠᠯᠠᠭᠤᠴᠤᠳ ᠪᠠᠭᠠᠴᠤᠳ ᠢ ᠬᠠᠮᠤᠷᠪᠠ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠵᠤ ᠰᠡᠳᠬᠢᠵᠦ ᠦᠢᠯᠡᠳᠦᠯᠭᠡᠵᠢᠭᠦᠯᠬᠦ ᠶᠢ ᠭᠦᠨᠵᠡᠭᠡᠢ ᠠᠳᠬᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠪᠣᠳᠠᠲᠠᠢ ᠮᠥᠷᠲᠡᠭᠡᠨ ᠲᠥᠷᠥᠭᠳᠡᠯ ᠲᠠᠢ ᠠᠬᠢᠭᠤᠯᠪᠠ᠃ | | | | | ᠵᠢᠨᠢᠩ ᠲᠣᠭᠤᠷᠢᠭ ᠤᠨ ᠳᠥᠷᠪᠡᠳᠦᠭᠡᠷ ᠳᠤᠮᠳᠠᠳᠤ ᠰᠤᠷᠭᠠᠭᠤᠯᠢ ︽ᠬᠤᠪᠢᠰᠬᠠᠯ ᠤᠨ ᠳᠤᠷᠠᠰᠤᠮᠵᠢ ᠶᠢ ᠳᠠᠬᠢᠨ | ᠡᠷᠭᠢᠴᠡᠭᠦᠯᠵᠦ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ︾ ᠭᠤᠣᠯ ᠰᠡᠳᠦᠪᠲᠦ ᠰᠤᠳᠤᠯᠤᠨ ᠰᠤᠷᠤᠯᠴᠠᠬᠤ | ᠠᠵᠢᠯᠯᠠᠭ᠎ᠠ ᠥᠷᠨᠢᠭᠦᠯᠪᠡ | | | | | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ︽ᠪᠡᠭᠡᠵᠢᠩ ᠥᠪᠥᠷ ᠮᠣᠩᠭᠤᠯ ᠭᠠᠷ ᠬᠤᠯᠪᠤᠯᠴᠠᠵᠤ ᠬᠡᠦᠬᠡᠳ | ᠪᠠᠭᠠᠴᠤᠳ ᠳᠤᠮᠳᠠᠳᠤ ᠪᠠᠨ ᠤᠶᠠᠩᠭᠠᠯᠠᠨᠠᠮ︾ ᠭᠤᠣᠯ ᠰᠡᠳᠦᠪᠲᠦ ︽ᠶᠠᠪᠤᠵᠤ ᠰᠤᠷᠤᠯᠴᠠᠬᠤ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ︾ ᠤᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ | | ᠲᠠᠪᠴᠠᠩ ᠳᠤ ᠠᠭᠤᠰᠬᠠᠵᠤ᠂ ᠬᠥᠮᠦᠨ ᠬᠥᠮᠦᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠭᠤᠯᠤᠨ᠂ | ᠰᠤᠷᠤᠭᠴᠢᠳ ᠤᠨ ᠦᠵᠡᠯ ᠰᠠᠨᠠᠭᠠᠨ ᠤ ᠵᠢᠯᠣᠭᠤᠳᠣᠯᠭ᠎ᠠ ᠪᠠ ᠰᠤᠷᠭᠠᠨ ᠬᠥᠮᠦᠵᠢᠯ ᠤᠨ ᠵᠢᠯᠣᠭᠤᠳᠣᠯᠭ᠎ᠠ ᠶᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠠᠨᠠᠷ ᠤᠨ ᠦᠷ᠎ᠡ ᠬᠥᠮᠦᠨ ᠬᠥᠮᠦᠵᠢᠭᠦᠯᠬᠦ ᠶᠢ ᠭᠦᠨᠵᠡᠭᠡᠶᠢᠷᠡᠭᠦᠯᠬᠦ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ︾ ᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ᠂ ᠳᠤᠮᠳᠠᠳᠤ | ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠤᠨ ᠦᠢᠯᠡᠳᠦᠯ ᠢ ᠪᠠᠳᠠᠷᠠᠭᠤᠯᠤᠨ᠂ ᠠᠳᠠᠯᠢ ᠪᠤᠰᠤ ᠰᠤᠷᠤᠯᠭ᠎ᠠ ᠶᠢᠨ | ᠱᠠᠲᠤᠨ ᠳᠤ ᠲᠤᠭᠤᠰᠢᠯᠠᠭᠤᠯᠬᠤ ᠰᠤᠳᠤᠯᠭᠠᠨ ᠢ ᠥᠷᠨᠢᠭᠦᠯᠵᠦ᠂ ︽ᠭᠠᠷ ᠬᠤᠯᠪᠤᠯᠴᠠᠨ︾ ᠬᠠᠮᠲᠤ ᠳᠤ ᠪᠠᠨ ᠬᠢᠴᠢᠶᠡᠯ | ᠪᠡᠯᠡᠳᠬᠡᠬᠦ ᠪᠠ ᠳᠠᠭᠤᠷᠢᠶᠠᠯ ᠦᠵᠡᠭᠦᠯᠬᠦ ᠬᠢᠴᠢᠶᠡᠯ ᠢ ᠳᠡᠯᠭᠡᠨ ᠦᠵᠡᠭᠦᠯᠬᠦ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠬᠢᠴᠢᠶᠡᠯ ᠤᠨ ᠲᠠᠩᠬᠢᠮ ᠳᠤ ᠣᠷᠭᠠᠨᠢᠭ ᠢᠶᠠᠷ ᠠᠭᠤᠰᠬᠠᠵᠤ᠂ | ᠦᠯᠢᠭᠡᠷ ᠶᠠᠷᠢᠬᠤ ᠠᠷᠭ᠎ᠠ ᠬᠡᠯᠪᠡᠷᠢ ᠪᠠᠷ ᠶᠣᠰᠣ ᠤᠴᠢᠷ ᠢ ᠭᠦᠨᠵᠡᠭᠡᠢ ᠶᠠᠷᠢᠵᠤ᠂ ᠨᠡᠪᠲᠡᠷᠬᠡᠢ ᠶᠠᠷᠢᠵᠤ᠂ ᠠᠮᠢᠳᠤᠯᠢᠭ | ᠶᠠᠷᠢᠪᠠ᠃ ︽ᠶᠣᠰᠣ ᠰᠤᠷᠲᠠᠬᠤᠨ ᠤ ᠬᠥᠮᠦᠵᠢᠯ ᠤᠨ ᠳᠠᠪᠴᠠᠩ︾᠂ ︽ᠠᠨᠠᠷ ᠤᠨ ᠦᠷ᠎ᠡ ᠬᠥᠮᠦᠨ ᠬᠥᠮᠦᠵᠢᠭᠦᠯᠬᠦ | ᠪᠢᠴᠢᠯ ᠬᠢᠴᠢᠶᠡᠯ ᠤᠨ ᠲᠠᠩᠬᠢᠮ︾ ᠤᠨ ᠡᠬᠢ ᠪᠠᠶᠠᠯᠢᠭ ᠤᠨ ᠲᠠᠪᠴᠠᠩ ᠪᠠ ︽︿ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠲᠠᠶᠢᠯᠤᠨ︾ ᠢ ᠰᠠᠶᠢᠲᠤᠷ ᠬᠡᠷᠡᠭᠯᠡᠵᠦ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ | ᠶᠣᠰᠣᠭᠠᠷ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ︽ᠬᠢᠴᠢᠶᠡᠯ︾ ᠤᠨ ᠰᠢᠨᠵᠢ ᠴᠢᠨᠠᠷ ᠲᠤ | ᠠᠩᠬᠠᠷᠤᠯ ᠢᠶᠠᠨ ᠬᠠᠨᠳᠤᠭᠤᠯᠤᠨ᠂ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠣᠯᠠᠨ ᠬᠠᠷᠠᠭᠠᠰᠤ᠂ | ᠣᠯᠠᠨ ᠳᠡᠰ ᠳᠠᠪᠬᠤᠷᠭ᠎ᠠ᠂ ᠪᠣᠰᠤᠭ᠎ᠠ ᠴᠣᠭᠴᠠ ᠪᠠᠷ ᠪᠦᠲᠦᠮᠵᠢᠲᠡᠢ ᠰᠠᠶᠢᠲᠤᠷ ᠬᠡᠷᠡᠭᠯᠡᠵᠦ᠂ 4 ᠳᠤᠮᠳᠠᠳᠤ ᠪᠠᠭ᠎ᠠ | ᠰᠤᠷᠭᠠᠭᠤᠯᠢ ᠶᠢ ᠰᠣᠩᠭᠤᠨ ᠲᠤᠷᠰᠢᠯᠲᠠ ᠶᠢᠨ ᠴᠡᠭ ᠤᠨ ᠰᠤᠷᠭᠠᠭᠤᠯᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠬᠤ ᠦᠵᠡᠭᠳᠡᠯᠲᠦ ᠬᠢᠴᠢᠶᠡᠯ ᠤᠨ ᠭᠡᠷ | ᠪᠣᠯᠭᠠᠪᠠ᠃ | ᠰᠣᠶᠣᠯ ᠳᠤ ᠠᠭᠤᠰᠬᠠᠵᠤ ᠦᠵᠡᠯ ᠰᠠᠨᠠᠭᠠᠨ ᠤ ᠨᠡᠪᠴᠢᠯᠲᠡ ᠶᠢ ᠠᠬᠢᠭᠤᠯᠪᠠ ᠃ ᠤᠯᠠᠭᠠᠨᠴᠠᠪ ᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ ︽ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ | ᠬᠦᠷᠢᠶᠡᠨ ᠤ ᠰᠣᠶᠣᠯ ᠢ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠪᠦᠬᠦ ᠬᠤᠲᠠ ᠶᠢᠨ 374 ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢ | ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠥᠪᠡᠰᠦᠪᠡᠨ ᠪᠠᠶᠢᠴᠠᠭᠠᠬᠤ ᠶᠢ ᠥᠷᠨᠢᠭᠦᠯᠵᠦ᠂ ᠡᠯ᠎ᠡ | ᠭᠠᠵᠠᠷ ᠤᠨ ᠡᠯ᠎ᠡ ᠰᠤᠷᠭᠠᠭᠤᠯᠢ ᠮᠣᠩᠭᠤᠯ ᠮᠣᠷᠢᠨ ᠤ ᠵᠣᠷᠢᠭ ᠰᠠᠨᠠᠭ᠎ᠠ᠂ ︽ᠭᠤᠷᠪᠠᠨ ᠤᠮᠠᠷᠠᠲᠤ ᠶᠢᠨ ᠵᠣᠷᠢᠭ | ᠰᠠᠨᠠᠭ᠎ᠠ︾ ︽ᠵᠢᠷᠭᠤᠭᠠᠨ ᠦᠭᠡ ᠥᠭᠦᠯᠡᠪᠦᠷᠢ︾ ᠤᠨ ᠪᠣᠳᠠᠲᠤ ᠶᠠᠪᠤᠳᠠᠯ ᠤᠨ ᠶᠣᠰᠣ ᠵᠦᠢ ᠵᠡᠷᠭᠡ ᠠᠭᠤᠯᠭ᠎ᠠ ᠶᠢ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ ᠣᠷᠭᠠᠨᠢᠭ ᠢᠶᠠᠷ ᠠᠭᠤᠰᠬᠠᠨ᠂ ᠲᠤᠰ ᠲᠤᠰ ᠤᠨ | ᠣᠨᠴᠠᠯᠢᠭ ᠲᠠᠢ ᠰᠣᠶᠣᠯ ᠤᠨ ᠤᠷᠲᠤ ᠬᠤᠩᠭᠢᠯ ᠪᠠ ᠰᠣᠶᠣᠯ ᠤᠨ ᠬᠡᠷᠡᠮ ᠢ ᠡᠭᠦᠳᠦᠨ ᠪᠠᠶᠢᠭᠤᠯᠵᠤ᠂ | ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ᠂ ᠴᠣᠩᠬᠤᠪᠴᠢ᠂ ᠬᠤᠩᠭᠢᠯ ᠵᠡᠷᠭᠡ ᠤᠬᠠᠭᠤᠯᠭ᠎ᠠ ᠶᠢᠨ | ᠵᠠᠭᠤᠴᠢᠯᠠᠭᠤᠷ ᠢ ᠰᠠᠶᠢᠲᠤᠷ ᠬᠡᠷᠡᠭᠯᠡᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠭᠤᠣᠯ | ᠰᠡᠳᠦᠪᠲᠦ ᠬᠡᠷᠡᠮ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢᠨ ᠲᠣᠮᠣ ᠴᠠᠭᠠᠰᠤᠨ ᠬᠠᠶᠢᠴᠢᠯᠠᠮᠠᠯ ᠢ | ᠪᠡᠶᠡᠯᠡᠭᠦᠯᠵᠦ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠨᠠᠮ ᠢᠶᠠᠨ ᠳᠠᠭᠠᠨᠠᠮ︾ ᠭᠡᠬᠦ ᠶᠡᠭᠡ ᠳᠡᠭᠡᠳᠦ | ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢ ᠨᠢᠭᠡ | ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ 1200 ᠭᠠᠷᠤᠢ ᠲᠠᠯᠠᠪᠤᠷ | ᠥᠷᠨᠢᠭᠦᠯᠪᠡ᠃ ︽ᠳᠤᠮᠳᠠᠳᠤ ᠶᠢᠨ ᠦᠨᠳᠦᠰᠦᠲᠡᠨ ᠨᠢᠭᠡᠨ ᠭᠡᠷ ᠤᠨ ᠬᠢᠨ ᠮᠡᠲᠦ ᠳᠣᠲᠣᠨᠣ ᠰᠡᠳᠬᠢᠯ ᠨᠢᠭᠡᠳᠦᠨ | ᠳᠤᠮᠳᠠᠳᠤ ᠶᠢᠨ ᠬᠦᠰᠡᠯ ᠢ ᠬᠠᠮᠲᠤ ᠳᠤ ᠪᠠᠨ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠰᠢᠯᠦᠭ ᠤᠨ | ᠤᠷᠤᠯᠳᠤᠭᠠᠨ᠂ ᠵᠣᠬᠢᠶᠠᠯ ᠪᠦᠲᠦᠭᠡᠯ ᠤᠨ ᠤᠷᠤᠯᠳᠤᠭᠠᠨ᠂ ᠮᠡᠳᠡᠯᠭᠡ ᠶᠢᠨ ᠤᠷᠤᠯᠳᠤᠭᠠᠨ᠂ ᠤᠷᠠᠨ ᠪᠢᠴᠢᠯᠭᠡ ᠶᠢᠨ | ᠤᠷᠤᠯᠳᠤᠭᠠᠨ ᠵᠡᠷᠭᠡ ᠶᠢ 1500 ᠭᠠᠷᠤᠢ ᠲᠠᠯᠠᠪᠤᠷ ᠥᠷᠨᠢᠭᠦᠯᠵᠦ᠂ ︽ᠰᠤᠷᠭᠠᠭᠤᠯᠢ ᠶᠢᠨ ᠬᠦᠷᠢᠶᠡᠨ ᠳᠤ ᠳᠡᠯᠭᠡᠨ | ᠦᠵᠡᠭᠦᠯᠭᠡ ᠲᠠᠢ᠂ ᠬᠢᠴᠢᠶᠡᠯ ᠤᠨ ᠲᠠᠩᠬᠢᠮ ᠳᠤ ᠠᠭᠤᠯᠭ᠎ᠠ ᠲᠠᠢ᠂ ᠰᠦᠯᠵᠢᠶᠡᠨ ᠳᠤ ᠵᠢᠭᠰᠠᠭᠠᠯ ᠤᠨ ᠭᠠᠵᠠᠷ | ᠲᠠᠢ︾ ᠪᠠᠶᠢᠬᠤ ᠶᠢ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ | ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢᠨ ᠬᠦᠷᠢᠶᠡᠨ ᠳᠤ | ᠪᠠᠶᠢᠩᠭᠤᠵᠢᠭᠤᠯᠪᠠ᠃ | ᠰᠦᠯᠵᠢᠶ᠎ᠡ ᠳᠤ ᠠᠭᠤᠰᠬᠠᠵᠤ᠂ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠠᠬᠢᠭᠤᠯᠪᠠ᠃ | ︽ᠢᠨᠲ᠋ᠧᠷ ᠰᠦᠯᠵᠢᠶ᠎ᠡ +︾ ᠰᠦᠯᠵᠢᠶ᠎ᠡ ᠪᠠᠷ ᠬᠥᠮᠦᠨ ᠬᠥᠮᠦᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ | ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠲᠠᠪᠴᠠᠩ᠂ ᠸᠢᠴᠠᠲ ᠶᠢᠨ ᠣᠯᠠᠨ ᠨᠡᠶᠢᠲᠡ ᠶᠢᠨ ᠳ᠋ᠤᠭᠠᠷ᠂ ᠪᠢᠴᠢᠯ | ᠸᠢᠳᠢᠣ᠋ ᠵᠡᠷᠭᠡ ︽ᠡᠭᠦᠯᠡᠨ ᠲᠠᠪᠴᠠᠩ ᠤᠨ ᠬᠢᠴᠢᠶᠡᠯ ᠤᠨ ᠲᠠᠩᠬᠢᠮ︾᠂ ᠰᠤᠷᠭᠠᠭᠤᠯᠢ ᠶᠢᠨ ᠬᠦᠷᠢᠶᠡᠨ ᠤ ᠰᠦᠯᠵᠢᠶᠡᠨ | ᠥᠷᠲᠡᠭᠡ᠂ ᠡᠯᠧᠺᠲᠷᠣᠨ ᠳᠡᠯᠭᠡᠴᠡ ᠵᠡᠷᠭᠡ ᠠᠴᠢᠶᠠᠯᠠᠪᠤᠷᠢ ᠶᠢ ᠠᠰᠢᠭᠯᠠᠨ᠂ ᠪᠣᠰᠤᠭ᠎ᠠ ᠴᠣᠭᠴᠠᠲᠤ ᠮᠠᠶ᠋ᠢᠭ ᠤᠨ | ᠪᠦᠬᠦᠨ ᠢ ᠬᠠᠮᠤᠷᠤᠭᠰᠠᠨ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠰᠦᠯᠵᠢᠶᠡᠨ ᠤ ᠲᠠᠪᠴᠠᠩ ᠢᠶᠠᠷ | ᠳᠠᠮᠵᠢᠭᠤᠯᠤᠨ ᠤᠬᠠᠭᠤᠯᠤᠨ ᠬᠦᠷᠭᠡᠬᠦ ᠶᠢ ᠴᠢᠩᠭᠠᠳᠬᠠᠨ᠂ ︽ᠪᠢᠴᠢᠯ ᠬᠡᠷᠡᠭ ᠤᠨ ᠵᠢᠱᠢᠶ᠎ᠡ︾᠂ ︽ᠪᠢᠴᠢᠯ | ᠦᠯᠢᠭᠡᠷ︾ ᠢ ᠰᠠᠶᠢᠲᠤᠷ ᠶᠠᠷᠢᠵᠤ᠂ ᠰᠢᠨ᠎ᠡ ᠴᠠᠭ ᠦᠶ᠎ᠡ ᠶᠢᠨ ᠰᠢᠨ᠎ᠡ ᠬᠥᠮᠦᠰ ᠰᠢᠨ᠎ᠡ ᠨᠡᠶᠢᠲᠡᠯᠢᠭ ᠵᠢᠱᠢᠶ᠎ᠡ ᠶᠢ ᠪᠣᠢ | ᠪᠣᠯᠭᠠᠨ᠂ 20 ᠪᠢᠴᠢᠯ ᠬᠡᠷᠡᠭ ᠤᠨ ᠵᠢᠱᠢᠶ᠎ᠡ᠂ 40 ᠪᠢᠴᠢᠯ ᠦᠯᠢᠭᠡᠷ ᠢ ᠪᠦᠷᠢᠯᠳᠦᠭᠦᠯᠵᠦ᠂ ︽ᠲᠠᠯ᠎ᠠ ᠨᠤᠲᠤᠭ ᠤᠨ | ᠡᠵᠢ︾ ᠳᠦᠭᠢᠮ᠎ᠠ᠂ ︽ᠤᠮᠠᠷᠠᠲᠤ ᠶᠢᠨ ᠲᠡᠨᠡᠭ ᠡᠪᠦᠭᠡᠨ︾ ᠳ᠋ᠦᠩ ᠾᠥᠩ ᠿᠦ᠂ ︽ᠤᠮᠠᠷᠠᠲᠤ ᠬᠢᠯᠢ ᠶᠢᠨ | ᠵᠢᠱᠢᠶᠡᠴᠢ︾ ᠭᠤᠸᠠᠨ ᠾᠦᠢ ᠮᠢᠩ᠂ ︽ᠳᠤᠮᠳᠠᠳᠤ ᠶᠢᠨ ᠰᠠᠶᠢᠨ ᠬᠥᠮᠦᠨ︾ ᠭᠠᠩᠪᠣᠯᠤᠳ ᠵᠡᠷᠭᠡ ᠨᠢᠭᠡ ᠪᠦᠯᠦᠭ | ᠰᠢᠨ᠎ᠡ ᠴᠠᠭ ᠦᠶ᠎ᠡ ᠶᠢᠨ ᠰᠢᠨ᠎ᠡ ᠨᠡᠶᠢᠲᠡᠯᠢᠭ ᠵᠢᠱᠢᠶ᠎ᠡ ᠶᠢ ᠭᠠᠷᠭᠠᠵᠤ᠂ ᠦᠯᠢᠭᠡᠷ ᠳᠠᠭᠤᠷᠢᠶᠠᠯ ᠤᠨ ᠬᠥᠲᠥᠯᠥᠨ | ᠳᠠᠭᠠᠭᠤᠯᠬᠤ ᠦᠢᠯᠡᠳᠦᠯ ᠢ ᠨᠠᠩ ᠭᠦᠢᠴᠡᠳ ᠪᠠᠳᠠᠷᠠᠭᠤᠯᠤᠨ᠂ ᠤᠬᠠᠭᠤᠯᠭ᠎ᠠ ᠶᠢᠨ ᠠᠭᠤᠯᠭ᠎ᠠ ᠶᠢ | ᠠᠮᠢᠳᠤᠯᠢᠭᠵᠢᠭᠤᠯᠤᠨ᠂ ᠦᠷ᠎ᠡ ᠪᠦᠲᠦᠮᠵᠢ ᠶᠢ ᠪᠣᠳᠠᠲᠠᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠥᠷᠭᠡᠨ | ᠣᠯᠠᠨ ᠪᠠᠭᠰᠢ ᠰᠤᠷᠤᠭᠴᠢᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠠᠶᠢᠨ ᠰᠠᠶᠢᠬᠠᠨ ᠭᠡᠷ | ᠣᠷᠣᠨ ᠢᠶᠠᠨ ᠬᠠᠮᠲᠤ ᠳᠤ ᠪᠠᠨ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠵᠣᠷᠢᠭᠵᠢᠭᠤᠯᠤᠨ ᠳᠠᠭᠠᠭᠤᠯᠪᠠ᠃ | | | |