ᠪᠤᠭᠤᠲᠤ ᠬᠤᠲᠠ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/5/20
      ᠣᠶᠢᠷ᠎ᠠ ᠳᠤ᠂ ᠪᠤᠭᠤᠲᠤ ᠬᠤᠲᠠ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠶᠠᠪᠤᠭᠳᠠᠭᠤᠯᠵᠤ᠂ ᠪᠦᠬᠦ ᠬᠤᠲᠠ ᠶᠢᠨ 10 ᠬᠤᠰᠢᠭᠤ ᠰᠢᠶᠠᠨ ᠲᠣᠭᠤᠷᠢᠭ ᠤᠨ 64 ᠳᠤᠭᠤᠶᠢᠯᠠᠩ ᠎ ᠤᠨ 551 ᠰᠤᠷᠤᠭᠴᠢ ᠤᠷᠤᠯᠳᠤᠭᠠᠨ ᠳᠤ           ᠣᠷᠣᠯᠴᠠᠪᠠ᠃      ᠤᠷᠤᠯᠳᠤᠭᠠᠨ ᠨᠢ ᠪᠠᠭ᠎ᠠ ᠰᠤᠷᠭᠠᠭᠤᠯᠢ ᠶᠢᠨ ᠭᠤᠷᠪᠠ᠂ ᠳᠥᠷᠪᠡᠳᠦᠭᠡᠷ ᠣᠨ᠂ ᠪᠠᠭ᠎ᠠ ᠰᠤᠷᠭᠠᠭᠤᠯᠢ ᠶᠢᠨ ᠲᠠᠪᠤᠳᠤᠭᠠᠷ᠂ ᠵᠢᠷᠭᠤᠳᠤᠭᠠᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠭᠡᠵᠦ ᠭᠤᠷᠪᠠᠨ ᠳᠤᠭᠤᠶᠢᠯᠠᠩ ᠬᠤᠪᠢᠶᠠᠵᠤ᠂ ᠡᠳᠦᠷ ᠲᠤᠲᠤᠮ ᠤᠨ ᠠᠮᠢᠳᠤᠷᠠᠯ ᠳᠠᠬᠢ ᠡᠩ ᠤᠨ ᠬᠥᠳᠡᠯᠮᠦᠷᠢ ᠪᠣᠯᠤᠨ ᠦᠢᠯᠡᠳᠪᠦᠷᠢᠯᠡᠯ ᠬᠥᠳᠡᠯᠮᠦᠷᠢ ᠭᠡᠬᠦ ᠬᠤᠶᠠᠷ ᠶᠡᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 9 ᠤᠷᠤᠯᠳᠤᠭᠠᠨ ᠤ ᠲᠥᠷᠥᠯ ᠵᠦᠢᠯ ᠎ ᠢ ᠲᠣᠬᠢᠷᠠᠭᠤᠯᠤᠨ᠂ ᠦᠨᠡᠨ ᠪᠣᠳᠠᠲᠠᠢ ᠬᠥᠳᠡᠯᠮᠦᠷᠢ ᠠᠴᠠ ᠰᠡᠳᠦᠪᠯᠡᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠦᠢᠯᠡᠳᠦᠯᠭᠡ ᠶᠢᠨ ᠶᠠᠪᠤᠴᠠ ᠳᠤ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠬᠥᠳᠡᠯᠮᠦᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠪᠡ᠃   

1.jpg

      ᠤᠷᠤᠯᠳᠤᠭᠠᠨ ᠤ ᠲᠠᠯᠠᠪᠠᠢ ᠳᠤ᠂ ᠡᠯ᠎ᠡ ᠲᠥᠷᠥᠯ ᠵᠦᠢᠯ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂

ᠪᠠᠴᠢᠮ ᠶᠠᠭᠠᠷᠠᠯᠲᠠᠢ ᠮᠥᠷᠲᠡᠭᠡᠨ ᠬᠠᠯᠠᠭᠤᠨ ᠳᠤᠯᠠᠭᠠᠨ ᠠᠭᠤᠷ ᠠᠮᠢᠰᠬᠤᠯ ᠤᠨ ᠳᠤᠮᠳᠠ᠂ ᠤᠷᠤᠯᠳᠤᠭᠠᠨ ᠳᠤ

ᠣᠷᠣᠯᠴᠠᠭᠰᠠᠳ ᠠᠭᠤᠵᠢᠭᠤ ᠲᠠᠶᠢᠪᠤᠭᠤᠨ ᠮᠥᠷᠲᠡᠭᠡᠨ ᠢᠲᠡᠭᠡᠯ ᠲᠡᠭᠦᠯᠳᠡᠷ ᠪᠠᠶᠢᠵᠤ᠂ ᠯᠠᠪᠳᠠᠭᠤᠨ ᠪᠠᠲᠤᠲᠠᠢ

ᠬᠥᠳᠡᠯᠮᠦᠷᠢ ᠶᠢᠨ ᠤᠷ᠎ᠠ ᠴᠢᠳᠠᠪᠤᠷᠢ ᠪᠣᠯᠤᠨ ᠰᠢᠨ᠎ᠡ ᠎ ᠶᠢ ᠡᠭᠦᠳᠬᠦ ᠰᠡᠳᠬᠢᠮᠵᠢ ᠶᠢ ᠢᠯᠡᠷᠡᠭᠦᠯᠪᠡ᠃ ᠲᠥᠷᠥᠯ ᠵᠦᠢᠯ ᠢ

ᠬᠤᠷᠢᠶᠠᠨ ᠠᠪᠴᠤ ᠡᠮᠬᠢᠯᠡᠬᠦ ᠶᠠᠪᠤᠴᠠ ᠳᠤ᠂ ᠲᠠᠮᠢᠷᠴᠢᠳ ᠬᠤᠷᠴᠠ ᠰᠡᠷᠭᠡᠭ ᠣᠷᠣᠨ ᠵᠠᠢ ᠶᠢᠨ ᠮᠡᠳᠡᠷᠡᠬᠦ

ᠴᠢᠳᠠᠪᠤᠷᠢ ᠳᠤ ᠪᠠᠨ ᠲᠦᠰᠢᠭᠯᠡᠨ᠂ ᠣᠯᠠᠨ ᠵᠦᠢᠯ ᠤᠨ ᠠᠮᠢᠳᠤᠷᠠᠯ ᠤᠨ ᠡᠳ᠋ ᠪᠣᠳᠠᠰ ᠢ ᠨᠠᠷᠢᠯᠢᠭ ᠲᠥᠷᠥᠯ ᠬᠤᠪᠢᠶᠠᠵᠤ᠂

ᠣᠨᠣᠴᠠᠲᠠᠢ ᠣᠷᠣᠨ ᠪᠠᠶᠢᠷᠢ ᠳᠤ ᠨᠢ ᠣᠷᠣᠭᠤᠯᠪᠠ᠃ ᠬᠥᠨᠵᠢᠯᠡ ᠡᠪᠬᠡᠬᠦ ᠦᠶ᠎ᠡ ᠳᠤ᠂ ᠬᠤᠷᠳᠤᠨ ᠱᠠᠯᠠᠮᠠᠭᠠᠢ

ᠬᠠᠭᠠᠰ ᠢᠶᠠᠷ ᠨᠤᠭᠤᠯᠬᠤ᠂ ᠳᠠᠷᠤᠰᠢᠭᠤᠯᠬᠤ᠂ ᠲᠡᠭᠰᠢᠯᠡᠬᠦ ᠤᠷ᠎ᠠ ᠳᠡᠮ᠂ ᠬᠤᠪᠴᠠᠰᠤ ᠡᠪᠬᠡᠬᠦ᠂ ᠬᠠᠶᠢᠷᠴᠠᠭ ᠡᠮᠬᠢᠯᠡᠬᠦ᠂

ᠣᠷᠣ ᠳᠡᠪᠢᠰᠬᠦ ᠵᠡᠷᠭᠡ ᠦᠵᠡᠬᠦ ᠳᠤ ᠡᠩ ᠤᠨ ᠢᠬᠢᠷ ᠰᠢᠬᠢᠷ ᠶᠠᠪᠤᠳᠠᠯ ᠨᠢ ᠰᠤᠷᠤᠭᠴᠢᠳ ᠤᠨ ᠪᠡᠶ᠎ᠡ ᠪᠠᠨ ᠳᠠᠭᠠᠭᠠᠵᠤ

ᠥᠰᠦᠨ ᠪᠤᠶᠢᠵᠢᠬᠤ ᠠᠮᠢᠳᠤᠯᠢᠭ ᠬᠢᠴᠢᠶᠡᠯ ᠪᠣᠯᠤᠭᠰᠠᠨ ᠪᠠᠶᠢᠨ᠎ᠠ᠃

   

2.jpg

      ᠠᠮᠲᠠᠲᠤ ᠬᠤᠭᠤᠯᠠ ᠬᠢᠬᠦ ᠤᠷᠤᠯᠳᠤᠭᠠᠨ ᠤ ᠲᠣᠭᠤᠷᠢᠭ ︽ᠬᠡᠯᠡᠨ ᠤ ᠦᠵᠦᠭᠦᠷ ᠳᠡᠭᠡᠷᠡᠬᠢ ᠬᠥᠳᠡᠯᠮᠦᠷᠢ ᠶᠢᠨ

ᠬᠢᠴᠢᠶᠡᠯ︾ ᠪᠣᠯᠪᠠ᠃ ᠤᠷᠤᠯᠳᠤᠭᠠᠨ ᠳᠤ ᠣᠷᠣᠯᠴᠠᠭᠰᠠᠳ ᠤᠨ ᠬᠢᠲᠤᠭ᠎ᠠ ᠡᠷᠭᠢᠭᠦᠯᠦᠨ ᠨᠢᠳᠦ ᠢᠷᠮᠡᠬᠦ ᠵᠠᠭᠤᠷ᠎ᠠ

ᠱᠤᠭᠤᠵᠤ ᠭᠠᠷᠭᠠᠭᠰᠠᠨ ᠵᠢᠮᠢᠰ ᠪᠠ ᠢᠳᠡᠰᠢᠨ ᠨᠣᠭᠤᠭᠠᠨ ᠤ ᠭᠤᠶᠣ ᠰᠠᠶᠢᠬᠠᠨ ᠪᠦᠲᠦᠭᠡᠯ ᠤᠳ ᠭᠠᠶᠢᠬᠠᠯᠲᠠᠢ

ᠰᠠᠶᠢᠠᠬᠠᠨ ᠬᠠᠷᠠᠭᠳᠠᠨ᠎ᠠ᠃ ᠣᠷᠣᠨ ᠨᠤᠲᠤᠭ ᠤᠨ ᠣᠨᠴᠠᠯᠢᠭᠲᠤ ᠬᠦᠢᠲᠡᠨ ᠱᠥᠯᠥ ᠲᠠᠢ ᠲᠥᠮᠥᠰᠦᠨ ᠪᠥᠮᠪᠦᠯᠢᠭ ᠢ

ᠦᠢᠯᠡᠳᠬᠦ ᠶᠠᠪᠤᠴᠠ ᠳᠤ᠂ ᠣᠷᠣᠯᠴᠠᠭᠰᠠᠳ ᠲᠥᠮᠥᠰᠥ ᠶᠢᠨ ᠬᠠᠯᠢᠰᠤ ᠶᠢ ᠠᠷᠢᠯᠭᠠᠵᠤ᠂ ᠰᠢᠷᠬᠡᠭᠯᠡᠵᠦ᠂ ᠭᠤᠯᠢᠷ ᠲᠤ

ᠪᠣᠭᠤᠵᠤ᠂ ᠵᠢᠩᠨᠡᠬᠦ ᠠᠴᠠ ᠱᠥᠯᠥ ᠬᠢᠬᠦ ᠬᠦᠷᠲᠡᠯ᠎ᠡ᠂ ᠠᠯᠬᠤᠮ ᠳᠠᠷᠠᠭ᠎ᠠ  ᠨᠢᠭᠡ ᠪᠦᠷᠢ ᠡᠮᠬᠢ ᠵᠢᠷᠤᠮ ᠲᠠᠢ ᠪᠠᠶᠢᠵᠤ᠂

︽ᠪᠢᠩ ᠾᠥᠸᠧ ᠵᠢᠶᠣᠣ ᡁᠢ︾ ᠬᠢᠬᠦ ᠶᠠᠪᠤᠴᠠ ᠳᠤ ᠪᠠᠷᠠᠭᠤᠨ ᠬᠤᠶᠢᠲᠤ ᠶᠢᠨ ᠦᠨᠦᠷ ᠠᠮᠲᠠᠲᠤ ᠢᠳᠡᠭᠡᠨ ᠤ

ᠥᠪᠡᠷᠮᠢᠴᠡ ᠷᠢᠳᠢ ᠰᠢᠳᠢ ᠶᠢ ᠪᠦᠷᠢᠨ ᠭᠦᠢᠴᠡᠳ ᠬᠠᠷᠠᠭᠤᠯᠪᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠳᠤᠭᠤᠶᠢᠯᠠᠩ ᠨᠡᠩ ᠴᠤ ᠰᠢᠨ᠎ᠡ ᠶᠢ ᠡᠭᠦᠳᠬᠦ ᠪᠠ ᠲᠣᠬᠢᠷᠠᠭᠤᠯᠬᠤ ᠬᠤᠣᠰ ᠱᠤᠭᠤᠮ ᠢᠶᠠᠷ ᠡᠭᠦᠷᠭᠡ ᠪᠠᠨ

ᠪᠡᠶᠡᠯᠡᠭᠦᠯᠬᠦ ᠪᠠᠷ ᠦᠷᠢᠰᠦᠯᠳᠦᠵᠦ᠂ ᠣᠷᠣᠯᠴᠠᠭᠰᠠᠳ ᠥᠪᠡᠰᠦᠪᠡᠨ ᠪᠠᠩᠰᠢ ᠵᠢᠩᠨᠡᠬᠦ ᠶᠢᠨ ᠬᠠᠮᠲᠤ ᠬᠤᠭᠤᠯᠠ ᠬᠦᠷᠭᠡᠬᠦ

ᠮᠠᠰᠢᠨ ᠬᠥᠮᠦᠨ ᠬᠠᠷᠰᠢ ᠰᠠᠭᠠᠳ ᠠᠴᠠ ᠵᠠᠶᠢᠯᠠᠬᠤ ᠳᠡᠰ ᠳᠠᠷᠠᠭᠠᠯᠠᠯ ᠢ ᠨᠠᠶᠢᠷᠠᠭᠤᠯᠤᠨ ᠪᠢᠴᠢᠪᠡ᠃ ᠬᠠᠪ ᠬᠠᠯᠠᠭᠤᠨ

ᠪᠠᠩᠰᠢ ᠶᠢ ᠮᠠᠰᠢᠨ ᠬᠥᠮᠦᠨ ᠬᠤᠭᠤᠯᠠᠨ ᠰᠢᠷᠡᠭᠡᠨ ᠳᠤ ᠠᠮᠵᠢᠯᠲᠠᠲᠠᠢ ᠬᠦᠷᠭᠡᠵᠦ ᠴᠢᠳᠠᠭᠰᠠᠨ ᠨᠢ ᠤᠯᠠᠮᠵᠢᠯᠠᠯᠲᠤ

ᠲᠣᠭᠤᠭᠠᠨ ᠭᠡᠷ ᠤᠨ ᠤᠷᠠᠯᠢᠭ ᠪᠣᠯᠤᠨ ᠣᠳᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠠᠭᠤᠰᠤᠯᠴᠠᠭ᠎ᠠ ᠶᠢ ᠬᠠᠷᠠᠭᠤᠯᠵᠤ᠂ ᠰᠢᠨ᠎ᠡ ᠴᠠᠭ ᠦᠶ᠎ᠡ ᠶᠢᠨ ᠬᠥᠳᠡᠯᠮᠦᠷᠢ ᠶᠢᠨ ᠬᠥᠮᠦᠵᠢᠯ ᠤᠨ ᠰᠢᠨ᠎ᠡ ᠶᠢ ᠡᠭᠦᠳᠬᠦ

ᠠᠮᠢᠵᠢᠷᠠᠯ ᠤᠨ ᠬᠦᠴᠦᠨ ᠢ ᠠᠮᠢᠳᠤᠯᠢᠭ ᠳᠤᠰᠬᠠᠪᠠ᠃

   

3.jpg

      ᠤᠯᠠᠮᠵᠢᠯᠠᠯᠲᠤ ᠭᠠᠷ ᠤᠷᠠᠯᠠᠯ ᠤᠨ ᠦᠢᠯᠡᠳᠬᠦ ᠤᠷᠤᠯᠳᠤᠭᠠᠨ ᠤ ᠲᠠᠯᠠᠪᠠᠢ ᠳᠤ᠂ ᠡᠭᠡᠯ ᠪᠣᠷᠣᠭᠵᠢᠭᠤᠨ ᠪᠠ

ᠤᠷᠠᠨ ᠳᠠᠷᠬᠠᠨ ᠤ ᠰᠡᠳᠬᠢᠯ ᠬᠤᠯᠪᠣᠯᠳᠤᠪᠠ᠃ ᠳᠣᠣᠷ᠎ᠠ ᠣᠨ ᠤ ᠣᠷᠣᠯᠴᠠᠭᠰᠠᠳ ᠲᠣᠪᠴᠢ ᠬᠠᠳᠠᠨ᠂ ᠬᠤᠪᠴᠠᠰᠤ

ᠬᠤᠨᠠᠷ ᠨᠥᠬᠦᠵᠦ᠂ ᠪᠢᠷ ᠤᠨ ᠤᠭᠤᠲᠠ ᠣᠶᠣᠪᠠ︔ ᠳᠡᠭᠡᠷ᠎ᠡ ᠣᠨ ᠤ ᠣᠷᠣᠯᠴᠠᠭᠰᠠᠳ ᠬᠠᠷᠢᠨ ᠬᠠᠲᠠᠭᠠᠭᠰᠠᠨ

ᠵᠢᠮᠢᠰ ᠢ ᠲᠥᠷᠥᠯ ᠬᠤᠪᠢᠶᠠᠨ ᠬᠤᠷᠢᠶᠠᠬᠤ ᠬᠠᠶᠢᠷᠴᠠᠭ᠂ ᠴᠣᠮᠣ ᠶᠢᠨ ᠳᠡᠪᠢᠰᠭᠡᠷ᠂ ᠪᠣᠬᠢᠷᠳᠤᠯ ᠦᠭᠡᠢ ᠭᠠᠷ ᠤᠭᠤᠲᠠ

ᠵᠡᠷᠭᠡ ᠶᠢ ᠨᠠᠷᠢᠨ ᠨᠢᠮᠪᠠᠢ ᠦᠢᠯᠡᠳᠪᠡ᠃ ᠨᠢᠭᠡ ᠵᠡᠭᠦᠦ ᠨᠢᠭᠡ ᠤᠲᠠᠰᠤ ᠪᠠᠷ ᠣᠶᠣᠵᠤ᠂ ᠨᠢᠭᠡ ᠨᠢᠭᠡ ᠪᠠᠷ ᠡᠰᠬᠡᠵᠦ

ᠬᠠᠶᠢᠴᠢᠯᠠᠬᠤ ᠳᠠᠰᠤᠭ ᠲᠠᠬᠢ᠂ ᠪᠦᠲᠦᠭᠡᠯ ᠨᠢᠭᠡ ᠪᠦᠷᠢ ᠠᠴᠠ ︽ᠭᠠᠷ ᠤ ᠡᠷᠳᠡᠮ ᠠᠴᠠ ᠭᠠᠵᠠᠷ ᠳᠣᠣᠷᠠᠬᠢ ᠵᠠᠮ

ᠵᠤᠷᠠᠶᠢᠬᠤ︾ ᠣᠶᠤᠨ ᠤᠬᠠᠭᠠᠨ ᠪᠢᠯᠬᠠᠷᠠᠵᠤ ᠪᠠᠶᠢᠪᠠ᠃ ᠬᠠᠷᠢᠨ ᠪᠣᠬᠢᠷᠳᠤᠯ ᠦᠭᠡᠢ ᠵᠢᠵᠢᠭ ᠮᠠᠰᠢᠨ ᠪᠠ ᠰᠢᠩᠭᠡᠨ

ᠳᠠᠷᠤᠴᠠᠲᠤ ᠤᠬᠤᠭᠤᠷ ᠮᠠᠰᠢᠨ ᠭᠡᠬᠦ ᠬᠤᠶᠠᠷ ᠶᠡᠭᠡ ᠤᠷᠤᠯᠳᠤᠭᠠᠨ ᠤ ᠵᠦᠢᠯ ᠭᠱᠠᠨ ᠵᠠᠭᠤᠷ᠎ᠠ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠷᠢᠳᠢ ᠰᠢᠳᠢ ᠶᠢ ᠭᠠᠶᠢᠬᠠᠭᠤᠯᠪᠠ᠃ ᠮᠣᠳᠣᠨ ᠲᠡᠷᠭᠡ ᠪᠣᠯᠤᠨ ᠡᠷᠴᠢᠯᠡᠭᠦᠷ ᠬᠥᠷᠳᠦ ᠨᠢ

ᠬᠦᠨᠳᠦ ᠶᠢᠨ ᠬᠦᠴᠦᠨ ᠪᠠ ᠪᠠᠶᠢᠷᠢ ᠶᠢᠨ ᠡᠨᠧᠷᠭᠢ ᠶᠢ ᠥᠨᠳᠥᠷ ᠪᠦᠲᠦᠮᠵᠢᠲᠡᠢ ᠬᠤᠪᠢᠷᠠᠭᠤᠯᠵᠤ᠂ 10 ᠮᠧᠲᠷ

ᠦᠷᠭᠦᠯᠵᠢᠯᠡᠨ ᠠᠶᠠᠯᠠᠬᠤ ᠶᠢ ᠪᠡᠶᠡᠯᠡᠭᠦᠯᠪᠡ︔ ᠰᠢᠩᠭᠡᠨ ᠳᠠᠷᠤᠴᠠ ᠪᠠᠷ ᠬᠥᠳᠡᠯᠭᠡᠭᠦᠷ ᠪᠣᠯᠭᠠᠭᠰᠠᠨ ᠮᠧᠬᠠᠨᠢᠭ ᠭᠠᠷ

ᠬᠡᠳᠦ ᠨᠠᠷᠢᠯᠢᠭ ᠣᠨᠣᠴᠠᠲᠠᠢ ᠪᠠᠷ ᠪᠣᠳᠠᠰ ᠢ ᠬᠠᠪᠴᠢᠨ ᠠᠪᠴᠤ᠂ ᠪᠠᠭᠠᠴᠤᠳ ᠎ ᠤᠨ ᠬᠥᠳᠡᠯᠮᠦᠷᠢ ᠶᠢᠨ ᠰᠢᠨ᠎ᠡ ᠶᠢ

ᠡᠭᠦᠳᠬᠦ ᠦᠢᠯᠡᠳᠦᠯᠭᠡ ︽ᠳᠤᠮᠳᠠᠳᠤ ᠤᠯᠤᠰ ᠤᠨ ᠣᠶᠤᠨ ᠤ ᠡᠭᠦᠳᠦᠯᠲᠡ︾᠎ ᠶᠢᠨ ᠰᠠᠶᠢᠨ ᠰᠠᠶᠢᠬᠠᠨ ᠢᠷᠡᠭᠡᠳᠦᠢ ᠶᠢ

ᠵᠢᠷᠤᠭᠯᠠᠵᠠᠢ᠃

      ᠡᠨᠡ ᠤᠳᠠᠭᠠᠨ ᠤ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠪᠦᠬᠦ ᠬᠤᠲᠠ ᠶᠢᠨ ᠳᠤᠮᠳᠠᠳᠤ

ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ︽ᠮᠥᠷᠦ᠋ᠢᠴᠡᠭᠡᠨ︾᠎ ᠤ ᠲᠠᠯᠠᠪᠤᠷ

ᠪᠣᠯᠤᠭᠰᠠᠨ ᠪᠠᠷ ᠪᠠᠷᠠᠬᠤ ᠦᠭᠡᠢ᠂ ᠨᠡᠩ ᠴᠤ ᠪᠤᠭᠤᠲᠤ ᠬᠤᠲᠠ ᠶᠢᠨ ᠬᠥᠳᠡᠯᠮᠦᠷᠢ ᠶᠢᠨ  ᠬᠥᠮᠦᠵᠢᠯ ᠤᠨ ᠦᠷ᠎ᠡ

ᠪᠦᠲᠦᠭᠡᠯ ᠤᠨ ︽ᠦᠵᠡᠭᠦᠯᠭᠡ ᠶᠢᠨ ᠴᠣᠩᠬᠤ︾ ᠪᠣᠯᠪᠠ᠃ ᠣᠶᠢᠷ᠎ᠠ ᠶᠢᠨ ᠵᠢᠯ᠂ ᠪᠤᠭᠤᠲᠤ ᠬᠤᠲᠠ ᠶᠢᠨ ᠡᠯ᠎ᠡ ᠭᠠᠵᠠᠷ ᠤᠨ

ᠡᠯ᠎ᠡ ᠰᠤᠷᠭᠠᠭᠤᠯᠢ ︽ᠬᠥᠳᠡᠯᠮᠦᠷᠢ ᠶᠢᠨ ᠳᠠᠳᠬᠠᠯ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠬᠦ︾᠎ ᠶᠢ ᠪᠦᠬᠦ

ᠬᠦᠴᠦᠨ ᠢᠶᠠᠷ ᠠᠬᠢᠭᠤᠯᠵᠤ᠂ ᠪᠦᠬᠦ ᠰᠤᠷᠭᠠᠭᠤᠯᠢ ᠶᠢᠨ ᠱᠠᠲᠤᠨ ᠤ ᠬᠥᠳᠡᠯᠮᠦᠷᠢ ᠶᠢᠨ ᠬᠥᠮᠦᠵᠢᠯ ᠤᠨ ᠵᠠᠪᠠᠯ ᠰᠤᠷᠬᠤ

ᠬᠢᠴᠢᠶᠡᠯ ᠨᠡᠭᠡᠭᠡᠬᠦ ᠶᠢ ᠪᠠᠷᠢᠮᠲᠠᠯᠠᠬᠤ ᠪᠠᠷ ᠳᠠᠮᠵᠢᠭᠤᠯᠤᠨ᠂ ᠲᠠᠰᠤᠷᠠᠯᠲᠠ ᠥᠬᠡᠶ ᠬᠥᠳᠡᠯᠮᠦᠷᠢ ᠪᠠᠷ ᠬᠥᠮᠦᠨ

ᠬᠥᠮᠦᠵᠢᠭᠦᠯᠬᠦ ᠶᠢᠨ ᠰᠢᠨ᠎ᠡ ᠶᠢ ᠡᠭᠦᠳᠴᠦ᠂ ᠬᠥᠳᠡᠯᠮᠦᠷᠢ ᠪᠠᠷ ᠬᠥᠮᠦᠨ ᠬᠥᠮᠦᠵᠢᠭᠦᠯᠬᠦ ᠦᠷ᠎ᠡ ᠪᠦᠲᠦᠮᠵᠢ ᠶᠢ

ᠦᠷᠭᠦᠯᠵᠢᠯᠡᠨ ᠳᠡᠭᠡᠭᠰᠢᠯᠡᠭᠦᠯᠵᠦ᠂ ᠬᠥᠳᠡᠯᠮᠦᠷᠢ ᠶᠢ ᠬᠠᠶᠢᠷᠠᠯᠠᠬᠤ ᠶᠢ ᠦᠨᠡᠨ ᠬᠦ ᠰᠢᠨ᠎ᠡ ᠴᠠᠭ ᠦᠶ᠎ᠡ ᠶᠢᠨ

ᠰᠤᠷᠤᠭᠴᠢᠳ ᠤᠨ ᠠᠵᠢᠯᠯᠠᠭᠠᠨ ᠤ ᠤᠬᠠᠮᠰᠠᠷ ᠪᠣᠯᠭᠠᠨ᠂ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ

ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ

ᠪᠠᠶᠢᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号