ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠢᠮᠡᠯ ᠣᠶᠤᠨ ᠰᠤᠷᠭᠠᠨ ᠬᠥᠮᠦᠵᠢᠯ ᠤᠨ ᠬᠡᠷᠡᠭᠯᠡᠭᠡᠨ ᠤ ᠦᠢᠯᠡᠳᠦᠯᠭᠡ ᠶᠢ ᠬᠤᠪᠢᠶᠠᠯᠴᠠᠨ ᠡᠳ᠋ᠯᠡᠬᠦ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2025/5/20
      5 ᠳ᠋ᠤᠭᠠᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠭᠰᠡᠨ ︽ᠳᠡᠭᠡᠳᠦ ᠵᠡᠷᠭᠡ ᠎ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠬᠢᠮᠡᠯ ᠣᠶᠤᠨ ᠰᠤᠷᠭᠠᠨ ᠬᠥᠮᠦᠵᠢᠯ ᠤᠨ ᠬᠡᠷᠡᠭᠯᠡᠭᠡᠨ ᠤ ᠦᠢᠯᠡᠳᠦᠯᠭᠡ ᠶᠢ ᠬᠤᠪᠢᠶᠠᠯᠴᠠᠨ ᠡᠳ᠋ᠯᠡᠬᠦ ᠠᠵᠢᠯᠯᠠᠭ᠎ᠠ︾ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠡᠬᠢᠯᠡᠪᠡ᠃ ᠠᠩᠬᠠᠨ ᠤ ᠲᠠᠯᠠᠪᠤᠷ ᠠᠵᠢᠯᠯᠠᠭ᠎ᠠ ︽ᠬᠢᠮᠡᠯ ᠣᠶᠤᠨ ᠮᠡᠷᠭᠡᠵᠢᠯ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠳᠤ ᠬᠦᠴᠦᠨ ᠨᠡᠮᠡᠷᠢᠯᠡᠬᠦ ᠦᠢᠯᠡᠳᠦᠯᠭᠡ ᠶᠢ ᠰᠦᠪᠡᠭᠴᠢᠯᠡᠬᠦ ᠪᠠ ᠰᠢᠨ᠎ᠡ ᠶᠢ ᠡᠭᠦᠳᠬᠦ︾᠎ ᠪᠠᠷ ᠭᠤᠣᠯ ᠰᠡᠳᠦᠪ ᠪᠣᠯᠭᠠᠵᠤ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠥᠷᠨᠢᠭᠦᠯᠵᠦ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ 4000 ᠭᠠᠷᠤᠢ ᠪᠠᠭᠰᠢ ᠡᠭᠦᠯᠡᠨ ᠦᠵᠦᠭᠦᠷ ᠪᠠ ᠰᠦᠯᠵᠢᠶᠡᠨ ᠭᠠᠳᠠᠨᠠᠬᠢ ᠬᠤᠷᠠᠯ ᠤᠨ ᠲᠠᠯᠠᠪᠠᠢ ᠳᠤ ᠴᠤᠭᠯᠠᠷᠠᠵᠤ᠂ ᠬᠢᠮᠡᠯ ᠣᠶᠤᠨ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠬᠡᠯᠪᠡᠷᠢ ᠶᠢ ᠬᠤᠪᠢᠷᠠᠭᠤᠯᠬᠤ ᠦᠢᠯᠡᠳᠦᠯᠭᠡ ᠶᠢᠨ ᠠᠷᠭ᠎ᠠ ᠵᠠᠮ ᠢ ᠬᠠᠮᠲᠤ ᠎ ᠳᠤ ᠪᠠᠨ ᠰᠦᠪᠡᠭᠴᠢᠯᠡᠪᠡ᠃   

1.jpg

      ᠠᠵᠢᠯᠯᠠᠭ᠎ᠠ ᠶᠢᠨ ᠭᠤᠣᠯ ᠬᠤᠷᠠᠯ ᠤᠨ ᠲᠠᠯᠠᠪᠠᠢ ᠶᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠷᠳᠡᠮ

ᠰᠢᠨᠵᠢᠯᠡᠭᠡᠨ ᠤ ᠬᠤᠷᠠᠯ ᠤᠨ ᠲᠥᠪ ᠲᠤ ᠲᠣᠬᠢᠷᠠᠭᠤᠯᠵᠤ᠂ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠳᠤ

ᠬᠤᠪᠢᠶᠠᠷᠢ ᠬᠤᠷᠠᠯ ᠤᠨ ᠲᠠᠯᠠᠪᠠᠢ ᠵᠢᠴᠢ ᠰᠦᠯᠵᠢᠶᠡᠨ ᠳᠠᠬᠢ ᠰᠢᠭᠤᠳ ᠨᠡᠪᠲᠡᠷᠡᠭᠦᠯᠭᠡ ᠶᠢᠨ ᠲᠠᠪᠴᠠᠩ ᠢ ᠵᠡᠷᠭᠡ ᠪᠠᠷ

ᠵᠠᠯᠭᠠᠵᠤ᠂ ᠪᠦᠬᠦ ᠣᠷᠣᠨ ᠢ ᠬᠠᠮᠤᠷᠤᠭᠰᠠᠨ ᠲᠣᠭᠠᠵᠢᠭᠤᠯᠤᠭᠰᠠᠨ ᠵᠢᠭᠠᠨ ᠰᠤᠷᠭᠠᠯᠲᠠ ᠶᠢ ᠰᠤᠳᠤᠯᠤᠨ ᠶᠠᠷᠢᠯᠴᠠᠬᠤ

ᠰᠦᠯᠵᠢᠶ᠎ᠡ ᠶᠢ ᠪᠣᠢ ᠪᠣᠯᠭᠠᠪᠠ᠃ ᠪᠡᠭᠡᠵᠢᠩ ᠶᠡᠭᠡ ᠰᠤᠷᠭᠠᠭᠤᠯᠢ ᠶᠢᠨ ᠪᠣᠳᠣᠬᠤ ᠲᠥᠪ ᠤᠨ ᠰᠢᠰᠲ᠋ᠧᠮ ᠤᠨ

ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ ᠹᠠᠨ ᠴᠦᠨ ᠠᠩᠬᠠᠨ ᠤ ᠲᠠᠯᠠᠪᠤᠷ ᠲᠤᠰᠬᠠᠢ ᠰᠡᠳᠦᠪᠲᠦ ᠮᠡᠳᠡᠭᠦᠯᠦᠯᠲᠡ

ᠬᠢᠵᠦ᠂ ᠬᠢᠮᠡᠯ ᠣᠶᠤᠨ ᠮᠡᠷᠭᠡᠵᠢᠯ ᠤᠨ ᠵᠢᠭᠠᠨ ᠰᠤᠷᠭᠠᠯᠲᠠ ᠶᠢᠨ ᠳᠤᠮᠳᠠᠬᠢ ᠬᠡᠷᠡᠭᠯᠡᠭᠡᠨ ᠤ ᠯᠣᠭᠢᠭ ᠤᠨ ᠲᠣᠭᠤᠷᠢᠨ

᠎ ᠳᠤ ᠵᠠᠳᠠᠯᠵᠤ᠂ ᠪᠡᠭᠡᠵᠢᠩ ᠶᠡᠭᠡ ᠰᠤᠷᠭᠠᠭᠤᠯᠢ ᠶᠢᠨ ᠦᠢᠯᠡᠳᠦᠯᠭᠡ ᠎ ᠶᠢᠨ ᠲᠤᠷᠰᠢᠯᠭ᠎ᠠ ᠲᠠᠢ ᠤᠶᠠᠯᠳᠤᠭᠤᠯᠤᠨ᠂

ᠪᠣᠯᠪᠠᠰᠤᠷᠠᠯ ᠳᠤ ᠣᠷᠣᠯᠴᠠᠭᠰᠠᠨ ᠪᠠᠭᠰᠢ ᠳᠤ ᠮᠡᠷᠭᠡᠵᠢᠯ ᠤᠨ ᠬᠡᠷᠡᠭᠯᠡᠭᠡᠨ ᠤ ᠯᠠᠪᠯᠠᠯᠲᠠ ᠬᠠᠩᠭᠠᠪᠠ᠃

      ᠡᠨᠡ ᠤᠳᠠᠭᠠᠨ ᠤ ᠠᠵᠢᠯᠯᠠᠭ᠎ᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠯᠳᠤᠬᠤ

ᠪᠣᠳᠣᠯᠭ᠎ᠠ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠵᠤ᠂ ᠬᠢᠮᠡᠯ ᠣᠶᠤᠨ ᠮᠡᠷᠭᠡᠵᠢᠯ ᠪᠣᠯᠤᠨ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠤᠨᠴᠢ

ᠬᠢᠴᠢᠶᠡᠯ ᠤᠨ ᠲᠠᠩᠬᠢᠮ᠂ ᠵᠢᠱᠢᠮᠡᠭ ᠦᠨᠡᠨ ᠲᠤᠷᠰᠢᠯᠲᠠ ᠵᠡᠷᠭᠡ ᠶᠢᠨ ᠪᠦᠲᠦᠭᠡᠨ ᠪᠠᠶᠢᠭᠤᠯᠤᠯᠲᠠ ᠶᠢ

ᠭᠤᠣᠯᠳᠠᠯᠭ᠎ᠠ ᠲᠠᠢ ᠠᠬᠢᠭᠤᠯᠵᠤ᠂ ᠪᠠᠭᠰᠢ ᠶᠢᠨ  ᠲᠣᠭᠠᠵᠢᠭᠤᠯᠤᠭᠰᠠᠨ ᠬᠡᠪ ᠪᠣᠯᠪᠠᠰᠤᠷᠠᠯ ᠪᠣᠯᠤᠨ ᠰᠤᠷᠭᠠᠭᠤᠯᠢ

ᠠᠯᠤᠰᠯᠠᠨ ᠬᠠᠮᠵᠢᠯᠴᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ ᠲᠤᠭ᠎ᠠ ᠪᠠᠷᠢᠮᠲᠠ ᠶᠢ ᠬᠠᠮᠲᠤ ᠳᠤ ᠪᠠᠨ

ᠬᠤᠪᠢᠶᠠᠯᠴᠠᠨ ᠡᠳ᠋ᠯᠡᠬᠦ ᠪᠠᠷᠢᠮᠵᠢᠶᠠᠲᠤ ᠳᠣᠭᠲᠠᠯᠴᠠᠭ᠎ᠠ ᠶᠢ ᠲᠡᠭᠦᠯᠳᠡᠷᠵᠢᠭᠦᠯᠬᠦ᠂ ᠰᠤᠷᠭᠠᠨ ᠬᠥᠮᠦᠵᠢᠯ ᠤᠨ ᠪᠤᠳᠤᠬᠤ

ᠬᠦᠴᠦᠨ ᠤ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠢᠮᠡᠯ ᠣᠶᠤᠨ

ᠰᠤᠷᠭᠠᠨ ᠬᠥᠮᠦᠵᠢᠯ ᠤᠨ ᠬᠡᠷᠡᠭᠯᠡᠯᠲᠡ ᠳᠤ ᠰᠠᠭᠤᠷᠢ ᠲᠤᠯᠭᠠᠭᠤᠷᠢᠯᠠᠯ ᠬᠠᠩᠭᠠᠵᠤ᠂ ᠥᠪᠥᠷ ᠮᠣᠩᠭᠤᠯ ᠤᠨ

ᠣᠨᠴᠠᠯᠢᠭ ᠲᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠠᠮᠢ ᠠᠬᠤᠢ ᠶᠢ ᠲᠦᠷᠭᠡᠳᠬᠡᠨ

ᠪᠠᠶᠢᠭᠤᠯᠤᠨ᠎ᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠪᠠᠶᠢᠯᠳᠤᠬᠤ

ᠪᠣᠳᠣᠯᠭ᠎ᠠ ᠶᠢᠨ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠲᠤᠰ ᠰᠢᠷᠢᠰ ᠠᠵᠢᠯᠯᠠᠭ᠎ᠠ ᠶᠢᠨ ᠳᠠᠷᠠᠭ᠎ᠠ

ᠣᠶᠤᠨᠴᠢ ᠰᠤᠷᠭᠠᠨ ᠬᠥᠮᠦᠵᠢᠯ ᠤᠨ ᠪᠠᠭᠠᠵᠢ ᠶᠢ ᠨᠡᠭᠡᠭᠡᠨ ᠬᠥᠭᠵᠢᠭᠦᠯᠬᠦ᠂ ᠵᠢᠭᠠᠨ ᠰᠤᠷᠭᠠᠯᠲᠠ ᠶᠢ ᠦᠨᠡᠯᠡᠬᠦ 

ᠳᠣᠭᠲᠠᠯᠴᠠᠭ᠎ᠠ ᠶᠢ ᠰᠢᠯᠢᠳᠡᠭᠵᠢᠭᠦᠯᠬᠦ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠪᠣᠯᠪᠠᠰᠤᠷᠠᠯ

ᠥᠷᠨᠢᠭᠦᠯᠵᠦ᠂ ᠬᠡᠷᠡᠭ ᠤᠨ ᠵᠢᠱᠢᠶ᠎ᠡ ᠶᠢᠨ ᠤᠷᠤᠯᠳᠤᠭᠠᠨ᠂ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ

ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠵᠤ᠂ ᠪᠦᠬᠦ ᠣᠷᠣᠨ ᠤ

ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠲᠤ ᠪᠠᠶᠢᠩᠭᠤ ᠶᠢᠨ ᠰᠤᠷᠤᠯᠴᠠᠯᠭ᠎ᠠ ᠪᠠ ᠦᠢᠯᠡᠳᠦᠯᠭᠡ ᠶᠢᠨ

ᠲᠠᠪᠴᠠᠩ ᠢ ᠪᠠᠶᠢᠭᠤᠯᠤᠨ ᠥᠭᠴᠦ᠂ ᠬᠢᠮᠡᠯ ᠣᠶᠤᠨ ᠤ ᠴᠠᠭ ᠦᠶ᠎ᠡ ᠳᠤ ᠵᠣᠬᠢᠴᠠᠭᠰᠠᠨ ᠰᠢᠨ᠎ᠡ ᠶᠢ ᠡᠭᠦᠳᠬᠦ

ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠳᠤ ᠬᠦᠴᠦᠨ ᠨᠡᠮᠡᠷᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号