ᠳ᠋ᠦ᠋ ᠬᠤᠢ ᠯᠢᠶᠠᠩ ᠤᠯᠠᠭᠠᠨᠬᠠᠳᠠ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2025/5/20
      5 ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠨᠠᠷ ᠤᠯᠠᠭᠠᠨᠬᠠᠳᠠ ᠳᠡᠭᠡᠳᠦ ᠰᠤᠷᠭᠠᠭᠤᠯᠢ᠂ ᠤᠯᠠᠭᠠᠨᠬᠠᠳᠠ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠣᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠬᠤᠷᠠᠯᠳᠤᠭᠤᠯᠪᠠ᠃   

1.jpg

      ᠳ᠋ᠦ᠋ ᠬᠤᠢ ᠯᠢᠶᠠᠩ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ

ᠪᠠᠷᠢᠮᠲᠠᠯᠠᠬᠤ ᠶᠢ ᠴᠢᠩᠭᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ

ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠳᠣᠭᠲᠠᠭᠠᠭᠰᠠᠨ︾᠎ ᠤ

ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾᠎ ᠢ

ᠴᠢᠩᠭᠠᠳᠬᠠᠵᠤ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ

ᠬᠡᠷᠡᠭᠲᠡᠢ᠃ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠎ ᠶᠢᠨ

ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ

ᠠᠵᠢᠯ ᠤᠨ ᠭᠤᠣᠯ ᠰᠢᠵᠢᠮ ᠪᠣᠯᠭᠠᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂

ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ

ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠶᠢ ᠪᠠᠷᠢᠮᠲᠠᠯᠠᠨ᠂

ᠺᠠᠳ᠋ᠷ ᠤᠨ ᠱᠠᠲᠤᠯᠢᠭ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢ

ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃

   

2.jpg

      ᠳ᠋ᠦ᠋ ᠬᠤᠢ ᠯᠢᠶᠠᠩ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠰ ᠳᠡᠪᠰᠢᠬᠦ ᠶᠢ ᠯᠠᠪᠳᠠᠭᠤᠨ ᠪᠠᠲᠤᠲᠠᠢ

ᠠᠬᠢᠭᠤᠯᠬᠤ ᠬᠡᠷᠡᠭᠲᠡᠢ᠃ ︽ᠡᠭᠦᠳᠡ ᠪᠠᠨ ᠨᠡᠭᠡᠭᠡᠵᠦ ᠰᠤᠷᠭᠠᠭᠤᠯᠢ ᠡᠷᠬᠢᠯᠡᠬᠦ︾᠎ ᠶᠢ ᠪᠠᠷᠢᠮᠲᠠᠯᠠᠨ᠂ ᠰᠢᠨᠵᠢᠯᠡᠭᠡᠨ ᠤ

ᠰᠠᠯᠠᠭᠠᠨ ᠤ ᠲᠤᠰᠬᠠᠢ ᠮᠡᠷᠭᠡᠵᠢᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠶᠡᠭᠡ ᠰᠤᠷᠭᠠᠭᠤᠯᠢ ᠶᠢᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠢ ᠪᠠᠶᠢᠷᠢᠰᠢᠭᠤᠯᠤᠨ ᠪᠠᠶᠢᠭᠤᠯᠵᠤ᠂ ᠥᠪᠥᠷ ᠮᠣᠩᠭᠤᠯ ᠤᠨ

ᠵᠡᠭᠦᠨ ᠬᠡᠰᠡᠭ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠭᠦᠯᠦᠨ᠎ᠡ᠃

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ

ᠠᠭᠤᠰᠤᠯᠴᠠᠭ᠎ᠠ ᠶᠢ ᠪᠣᠳᠠᠲᠠᠶᠢᠵᠢᠭᠤᠯᠤᠨ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠭᠤᠯᠢ ᠶᠢᠨ

ᠰᠤᠷᠭᠠᠭᠤᠯᠢ ᠡᠷᠬᠢᠯᠡᠬᠦ ᠵᠠᠩᠭᠢᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠢ ᠠᠭᠤᠰᠬᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠰᠤᠷᠭᠠᠨ ᠬᠥᠮᠥᠵᠢᠯ ᠤᠨ

ᠠᠭᠤᠰᠤᠯᠴᠠᠭ᠎ᠠ ᠶᠢ ᠭᠦᠨᠵᠡᠭᠡᠢ ᠠᠬᠢᠭᠤᠯᠵᠤ᠂ ᠣᠨᠴᠠᠯᠢᠭᠲᠤ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ

ᠪᠠᠶᠢᠭᠤᠯᠤᠯᠲᠠ ᠶᠢ ᠴᠢᠩᠭᠠᠳᠬᠠᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ

ᠨᠥᠬᠦᠴᠡᠯ ᠢ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠭᠠᠭᠤᠯᠢ ᠪᠠ ᠠᠵᠤ ᠠᠬᠤᠶᠢᠯᠠᠯ ᠤᠨ

ᠬᠠᠮᠲᠤᠷᠠᠯᠴᠠᠭ᠎ᠠ ᠶᠢ ᠴᠢᠩᠭᠠᠳᠬᠠᠵᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠳᠣᠭᠲᠠᠯᠴᠠᠭ᠎ᠠ ᠶᠢ ᠢᠳᠡᠪᠬᠢᠲᠡᠢ ᠪᠠᠶᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ

ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾᠎ ᠤᠨ

ᠲᠥᠯᠥᠪᠵᠢᠭᠦᠯᠭᠡ ᠲᠠᠢ ᠤᠶᠠᠯᠳᠤᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠢ

ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠢᠶᠠᠨ ᠤ ᠬᠡᠪᠴᠢᠶᠡᠨ ᠤ ᠳᠡᠭᠡᠳᠦ

ᠵᠡᠷᠭᠡ ᠶᠢᠨ ᠳᠤᠮᠳᠠᠳᠤ ᠰᠤᠷᠭᠠᠭᠤᠯᠢ ᠶᠢ ᠬᠥᠭᠵᠢᠭᠡᠬᠦ ᠶᠢ ᠯᠠᠪᠳᠠᠭᠤᠨ ᠪᠠᠲᠤᠲᠠᠢ ᠠᠬᠢᠭᠤᠯᠤᠨ᠂ ᠪᠠᠭᠰᠢ ᠶᠢᠨ ᠵᠢᠭᠠᠨ

ᠰᠤᠷᠭᠠᠯᠲᠠ ᠵᠢᠭᠠᠬᠤ ᠶᠢ ᠰᠣᠳᠤᠯᠬᠤ ᠬᠢᠷᠢ ᠲᠦᠪᠰᠢᠨ ᠪᠠ ᠰᠤᠷᠤᠭᠴᠢᠳ ᠤᠨ ᠰᠤᠷᠤᠯᠴᠠᠬᠤ ᠴᠢᠳᠠᠪᠤᠷᠢ ᠶᠢ

ᠲᠦᠷᠭᠡᠳᠬᠡᠨ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ

ᠬᠥᠮᠦᠵᠢᠯ ᠵᠢᠭᠠᠨ ᠰᠤᠷᠭᠠᠯᠲᠠ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ

ᠲᠦᠪᠰᠢᠨ ᠤ ᠰᠢᠯᠭᠠᠯᠲᠠ ᠪᠠ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ

ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠵᠢᠯ

ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠰᠤᠷᠤᠭᠴᠢ ᠡᠯᠰᠡᠬᠦ ᠪᠠ ᠠᠵᠢᠯ

ᠣᠯᠭᠤᠬᠤ ᠬᠤᠯᠪᠤᠯᠳᠤᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠢ ᠰᠣᠷᠪᠤᠯᠵᠢᠯᠠᠨ

ᠠᠵᠢᠯ ᠤᠨ ᠪᠠᠶᠢᠷᠢ ᠶᠢ ᠥᠷᠭᠡᠳᠬᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠠᠵᠢᠯ ᠣᠯᠬᠤ ᠠᠵᠢᠯ ᠤᠨ

ᠪᠠᠶᠢᠷᠢ ᠶᠢ ᠣᠯᠠᠨ ᠠᠷᠭ᠎ᠠ ᠵᠠᠮ ᠢᠶᠠᠷ ᠢᠯᠡᠷᠡᠭᠦᠯᠵᠦ᠂ ᠬᠦᠴᠢᠷᠳᠡᠯᠲᠡᠢ ᠰᠤᠷᠤᠭᠴᠢᠳ ᠲᠤ ᠠᠵᠢᠯ ᠣᠯᠭᠤᠵᠤ

ᠬᠠᠪᠰᠤᠷᠤᠨ ᠲᠡᠳᠬᠦᠬᠦ ᠠᠵᠢᠯ ᠢ ᠰᠠᠶᠢᠲᠤᠷ ᠪᠡᠶᠡᠯᠡᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ

ᠣᠯᠭᠤᠬᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ᠂ ᠦᠷ᠎ᠡ

ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ

ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠨ ᠳᠠᠬᠢ

ᠳᠣᠪᠤᠶᠢᠮ᠎ᠠ ᠠᠰᠠᠭᠤᠳᠠᠯ ᠎ ᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠪᠣᠷ

ᠰᠤᠷᠲᠠᠯ ᠪᠠ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠨ᠂ ᠵᠠᠭᠠᠯᠳᠤᠯᠭ᠎ᠠ ᠶᠢ ᠬᠦᠯᠢᠶᠡᠨ

ᠠᠪᠤᠪᠠᠯ ᠳᠠᠷᠤᠢ ᠳᠤ ᠨᠢ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠭᠰᠢ

ᠰᠤᠷᠤᠭᠴᠢᠳ ᠤᠨ ᠠᠵᠢᠯ᠂ ᠠᠮᠢᠳᠤᠷᠠᠯ᠂ ᠰᠤᠷᠤᠯᠴᠠᠯᠭ᠎ᠠ ᠶᠢᠨ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠢ

ᠠᠰᠠᠭᠤᠳᠠᠯ ᠢ ᠲᠣᠬᠢᠲᠠᠢ ᠰᠠᠶᠢᠲᠤᠷ ᠰᠢᠢᠳᠪᠦᠷᠢᠯᠡᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ

ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠶᠠᠷᠢᠯᠴᠠᠬᠤ ᠬᠤᠷᠠᠯ ᠳᠡᠭᠡᠷ᠎ᠡ᠂ ᠤᠯᠠᠭᠠᠨᠬᠠᠳᠠ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠵᠠᠮ

ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠠᠵᠤ ᠦᠢᠯᠡᠳᠪᠦᠷᠢ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠠᠨᠠᠯ ᠢᠶᠠᠨ ᠰᠣᠯᠢᠯᠴᠠᠪᠠ᠃

      ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠰᠢ᠂ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ

ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号