ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/20
      5 ᠳ᠋ᠤᠭᠠᠷ ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠦᠵᠡᠯ ᠰᠠᠨᠠᠭ᠎ᠠ ᠤᠯᠤᠰ ᠲᠥᠷᠥ ᠶᠢᠨ ᠬᠦᠷᠢᠶ᠎ᠡ ᠴᠠᠷᠠᠭ᠎ᠠ᠂ ᠰᠠᠭᠤᠷᠢ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠪᠠᠶᠢᠷᠢᠯᠠᠭᠤᠯᠤᠯᠲᠠ ᠶᠢ ᠲᠤᠰ ᠲᠤᠰ ᠲᠠᠨᠢᠯᠴᠠᠭᠤᠯᠵᠤ᠂ ᠮᠠᠨ ᠤ ᠣᠷᠣᠨ ᠤ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠎ ᠨᠢ ᠲᠤᠷᠰᠢᠯᠲᠠ ᠶᠢᠨ ᠴᠡᠭ ᠤᠨ ᠬᠡᠯᠪᠡᠷᠢ ᠪᠠᠷ ᠭᠤᠣᠯᠳᠠᠯᠭ᠎ᠠ ᠲᠠᠢ ᠰᠢᠪᠲᠤᠯᠤᠯᠲᠠ ᠶᠢ ᠠᠬᠢᠭᠤᠯᠬᠤ ᠵᠦᠢᠯ᠂ ᠠᠬᠢᠭᠤᠯᠬᠤ ᠠᠷᠭ᠎ᠠ ᠬᠡᠮᠵᠢᠶ᠎ᠡ᠂ ᠠᠬᠢᠭᠤᠯᠬᠤ ᠠᠷᠭ᠎ᠠ ᠵᠠᠮ᠂ ᠵᠢᠱᠢᠭᠰᠡᠨ ᠦᠷ᠎ᠡ ᠪᠦᠲᠦᠮᠵᠢ ᠵᠡᠷᠭᠡ ᠶᠢ ᠲᠣᠳᠣᠷᠬᠠᠶᠢᠯᠠᠪᠠ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠲᠠᠢ ᠨᠢᠭᠡᠳᠭᠡᠨ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠣᠨᠴᠠᠭᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠷᠰᠢᠯᠲᠠ ᠶᠢᠨ ᠴᠡᠭ ᠢᠶᠠᠷ ᠪᠦᠬᠦ ᠲᠠᠯ᠎ᠠ ᠶᠢᠨ ᠴᠢᠨᠠᠷᠲᠠᠢ ᠥᠭᠡᠷᠡᠴᠢᠯᠡᠯᠲᠡ ᠶᠢ ᠳᠠᠶᠢᠴᠢᠯᠠᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠪᠠ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠥᠲᠦᠭᠡᠨ ᠪᠠᠶᠢᠭᠤᠯᠤᠯᠲᠠ ᠶᠢᠨ ᠰᠠᠨᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠬᠠᠷᠠᠯᠲᠠ ᠪᠣᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶᠢᠷᠡᠭᠦᠯᠵᠦ᠂ ᠬᠡᠷᠡᠭᠵᠢᠭᠦᠯᠬᠦ ᠪᠠ ᠪᠠᠲᠤᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠳᠣᠭᠲᠠᠯᠴᠠᠭ᠎ᠠ ᠪᠠ ᠬᠢᠴᠢᠶᠡᠯ ᠤᠨ ᠵᠢᠭᠠᠨ ᠰᠤᠷᠭᠠᠯᠲᠠ ᠶᠢᠨ ᠳᠣᠭᠲᠠᠯᠴᠠᠭ᠎ᠠ ᠶᠢ ᠥᠳᠲᠡᠷ ᠲᠦᠷᠭᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠦᠨᠡᠯᠡᠬᠦ ᠭᠦᠢᠴᠡᠳᠬᠡᠯ ᠲᠤᠭ᠎ᠠ ᠶᠢᠨ ᠳᠣᠭᠲᠠᠯᠴᠠᠭ᠎ᠠ ᠶᠢ ᠭᠤᠣᠯᠳᠠᠯᠭ᠎ᠠ ᠲᠠᠢ ᠪᠠᠶᠢᠭᠤᠯᠤᠨ᠂ ᠠᠴᠢᠶᠠᠯᠠᠪᠤᠷᠢ ᠶᠢᠨ ᠬᠡᠷᠡᠭᠯᠡᠯᠲᠡ ᠶᠢ ᠲᠠᠰᠤᠷᠠᠯᠲᠠ ᠥᠬᠡᠶ ᠴᠢᠩᠭᠠᠳᠬᠠᠵᠤ᠂ ᠣᠯᠠᠨ ᠬᠢᠴᠢᠶᠡᠯ ᠬᠤᠯᠪᠣᠯᠳᠤᠨ ᠬᠥᠳᠡᠯᠦᠯᠴᠡᠬᠦ ᠶᠢ ᠠᠬᠢᠭᠤᠯᠬᠤ ᠶᠢ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠵᠠᠩᠭᠢᠯᠠᠭ᠎ᠠ ᠶᠢᠨ ᠠᠷᠭ᠎ᠠ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠲᠤ ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ᠂ ᠬᠥᠮᠦᠨ ᠬᠥᠮᠦᠵᠢᠭᠦᠯᠬᠦ ᠲᠣᠭᠲᠠᠴᠠ ᠪᠠ ᠨᠡᠶᠢᠲᠡᠯᠢᠭ ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠶᠢᠷᠢᠰᠢᠭᠤᠯᠤᠯᠲᠠ ᠶᠢᠨ ᠪᠦᠲᠦᠴᠡ ᠪᠣᠯᠤᠨ ᠡᠯᠧᠮᠧᠨ᠋ᠲ ᠬᠠᠩᠭᠠᠬᠤ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠢ᠃ ᠰᠤᠷᠭᠠᠭᠤᠯᠢ ᠶᠢᠨ ᠨᠠᠰᠤᠨ ᠤ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢ ᠪᠠᠷᠠᠯᠠᠯᠲᠤ ᠴᠢᠨᠠᠷᠲᠠᠢ ᠨᠠᠷᠢᠯᠢᠭ ᠣᠨᠣᠴᠠᠲᠠᠢ ᠰᠤᠳᠤᠯᠤᠨ ᠮᠠᠭᠠᠳᠯᠠᠵᠤ᠂ ᠬᠥᠮᠦᠨ ᠠᠮᠠ ᠶᠢᠨ ᠬᠤᠪᠢᠷᠠᠯᠲᠠ ᠲᠠᠢ ᠵᠣᠬᠢᠴᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠪᠲᠡᠷᠡᠭᠦᠯᠦᠨ ᠬᠡᠷᠡᠭᠯᠡᠵᠦ᠂ ᠰᠤᠷᠤᠯᠭ᠎ᠠ ᠶᠢᠨ ᠱᠠᠲᠤ ᠠᠯᠤᠰᠯᠠᠨ ᠡᠮᠬᠢ ᠵᠢᠷᠤᠮ ᠲᠠᠢ ᠵᠣᠯᠭᠠᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠠ ᠡᠩ ᠤᠨ ᠰᠤᠷᠭᠠᠨ ᠬᠥᠮᠥᠵᠢᠯ ᠢ ᠪᠦᠲᠦᠮᠵᠢᠲᠡᠢ ᠵᠣᠯᠭᠠᠭᠤᠯᠬᠤ᠂ ᠣᠷᠣᠨ ᠪᠦᠰᠡ ᠶᠢ ᠬᠠᠮᠲᠤ ᠳᠤ ᠪᠠᠨ ᠪᠠᠶᠢᠭᠤᠯᠵᠤ ᠬᠠᠮᠲᠤ ᠎ ᠳᠤ ᠪᠠᠨ ᠬᠤᠪᠢᠶᠠᠯᠴᠠᠨ ᠡᠳ᠋ᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠢᠯᠡᠭᠦᠦ ᠳᠤᠲᠠᠭᠤ ᠶᠢ ᠲᠣᠬᠢᠷᠠᠭᠤᠯᠬᠤ ᠪᠠ ᠨᠢᠭᠡᠳᠦᠯᠲᠡᠢ ᠲᠥᠯᠥᠪᠯᠡᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠤᠨ ᠳᠤᠲᠠᠭᠤᠳᠠᠯ ᠢ ᠰᠢᠰᠲ᠋ᠧᠮᠲᠡᠢ ᠨᠥᠬᠦᠪᠥᠷᠢᠯᠡᠵᠦ᠂ ᠪᠠᠭ᠎ᠠ ᠠᠩᠬᠢᠴᠢᠯᠠᠭᠰᠠᠨ ᠵᠢᠭᠠᠨ ᠰᠤᠷᠭᠠᠯᠲᠠ ᠶᠢ ᠵᠣᠷᠢᠭᠵᠢᠭᠤᠯᠤᠨ ᠠᠬᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠭᠡᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠬᠦ ᠪᠠ ᠰᠠᠶᠢᠨ ᠰᠠᠶᠢᠬᠠᠨ ᠬᠤᠷᠰᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠢ ᠲᠣᠬᠢᠷᠠᠭᠤᠯᠤᠨ ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠵᠤ᠂ ᠬᠢᠴᠢᠶᠡᠯ ᠲᠥᠷᠥᠯ ᠤᠨ ᠲᠤᠰᠬᠠᠢ ᠮᠡᠷᠭᠡᠵᠢᠯ᠂ ᠴᠢᠳᠠᠪᠤᠷᠢᠲᠠᠨ ᠬᠥᠮᠦᠵᠢᠭᠦᠯᠬᠦ ᠪᠠ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠬᠤ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠵᠤ᠂ ᠵᠠᠰᠠᠭ ᠤᠨ ᠣᠷᠳᠣᠨ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠣᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠳᠣᠭᠲᠠᠯᠴᠠᠭ᠎ᠠ ᠶᠢ ᠢᠳᠡᠪᠬᠢᠲᠡᠢ ᠰᠦᠪᠡᠭᠴᠢᠯᠡᠨ᠂ ᠥᠪᠡᠷᠲᠡᠭᠡᠨ ᠵᠠᠰᠠᠬᠤ           ᠣᠷᠣᠨ ᠤ ᠠᠵᠤ ᠦᠢᠯᠡᠰ ᠤᠨ ᠬᠥᠭᠵᠢᠯᠲᠡ ᠳᠤ ᠳᠡᠭᠡᠳᠦ ᠳᠡᠰ ᠤᠨ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾᠎ ᠶᠢ ᠴᠢᠷᠮᠠᠶᠢᠨ ᠪᠡᠶᠡᠯᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠪᠠᠭᠰᠢ ᠶᠢᠨ ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂           ᠰᠢᠨ᠎ᠡ ᠴᠠᠭ ᠦᠶ᠎ᠡ ᠶᠢᠨ ᠥᠨᠳᠥᠷ ᠲᠦᠪᠰᠢᠨᠲᠦ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠤᠶᠢᠵᠢᠭᠤᠯᠬᠤ           ᠬᠡᠷᠡᠭᠲᠡᠢ᠃ ᠪᠠᠭᠰᠢ ᠶᠢᠨ ᠳᠡᠭᠡᠳᠦ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠎ ᠤᠨ ᠬᠢᠴᠢᠶᠡᠯᠯᠡᠭᠡ ᠶᠢᠨ ᠳᠣᠭᠲᠠᠯᠴᠠᠭ᠎ᠠ ᠶᠢ ᠰᠢᠯᠢᠳᠡᠭᠵᠢᠭᠦᠯᠵᠦ᠂ ᠥᠨᠳᠥᠷ ᠬᠢᠷᠢ ᠲᠦᠪᠰᠢᠨᠲᠦ ᠶᠡᠭᠡ ᠰᠤᠷᠭᠠᠭᠤᠯᠢ ᠰᠣᠳᠤᠯᠬᠤ ᠰᠤᠷᠤᠭᠴᠢ ᠶᠢᠨ ᠳᠡᠰ ᠤᠨ ᠪᠠᠭᠰᠢ ᠶᠢᠨ ᠰᠤᠷᠭᠠᠨ ᠬᠥᠮᠦᠵᠢᠯ ᠡᠷᠬᠢᠯᠡᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠠᠯᠪᠠᠨ ᠤ ᠰᠦᠢᠳᠬᠡᠯ ᠢᠶᠠᠷ ᠰᠤᠷᠤᠯᠴᠠᠬᠤ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠵᠢᠩᠬᠢᠨᠢ ᠠᠩᠭᠢ ᠪᠠ ᠰᠣᠳᠤᠯᠬᠤ ᠰᠤᠷᠤᠭᠴᠢ ᠶᠢᠨ ᠱᠠᠲᠤᠨ ᠤ ᠰᠤᠷᠭᠠᠨ ᠬᠥᠮᠥᠵᠢᠯ ᠢ ᠵᠣᠯᠭᠠᠭᠤᠯᠵᠤ ᠨᠢᠭᠡ ᠴᠣᠭᠴᠠᠵᠢᠭᠤᠯᠤᠨ ᠬᠥᠮᠦᠵᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠨ᠂ ᠬᠤᠰᠢᠭᠤ ᠰᠢᠶᠠᠨ ᠣᠷᠣᠨ ᠪᠦᠰᠡ ᠳᠤ ᠬᠡᠰᠡᠭ ᠪᠦᠯᠦᠭ ᠰᠣᠳᠤᠯᠬᠤ ᠰᠤᠷᠤᠭᠴᠢ ᠶᠢᠨ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠬᠠᠨᠳᠤᠯᠭ᠎ᠠ ᠲᠠᠢ ᠬᠥᠮᠦᠵᠢᠭᠦᠯᠵᠦ᠂ ᠬᠠᠳᠠᠭᠠᠯᠠᠮᠵᠢ ᠶᠢ ᠰᠢᠯᠢᠳᠡᠭᠵᠢᠭᠦᠯᠦᠨ᠂ ᠨᠡᠮᠡᠭᠳᠡᠯ ᠢ ᠥᠷᠭᠡᠳᠬᠡᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠪᠠᠶᠢᠴᠠᠭᠠᠨ ᠰᠣᠳᠤᠯᠵᠤ᠂ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠨ᠂ ᠪᠢᠲᠡᠭᠦᠦ ᠴᠠᠭᠠᠷᠢᠭᠲᠤ ᠬᠠᠮᠢᠶᠠᠷᠤᠯᠲᠠ ᠶᠢ ᠰᠠᠶᠢᠲᠤᠷ ᠬᠢᠵᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠨ᠂ ᠵᠣᠷᠢᠭᠲᠠᠢ ᠪᠤᠰᠢᠭᠤ ᠱᠠᠯᠠᠮᠠᠭᠠᠢ ᠭᠦᠢᠴᠡᠳᠭᠡᠭᠴᠢ᠂ ᠬᠦᠴᠢᠷ ᠢ ᠲᠤᠭᠤᠯᠵᠤ ᠪᠡᠷᠬᠡ ᠶᠢ ᠳᠠᠪᠠᠭ᠋ᠤ ᠠᠵᠢᠯᠯᠠᠭᠠᠨ ᠤ ᠪᠥᠯᠦᠭᠲᠡᠨ᠂ ᠴᠢᠳᠠᠮᠠᠭᠠᠢ ᠬᠢᠵᠦ ᠪᠥᠲᠦᠭᠡᠳᠡᠭ ᠪᠣᠳᠠᠲᠠᠢ ᠠᠵᠢᠯᠯᠠᠭᠴᠢ ᠪᠣᠯᠵᠣ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠢ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠢ᠂ ᠬᠤᠯᠪᠣᠭᠳᠠᠬᠤ ᠭᠠᠵᠠᠷ ᠲᠠᠰᠤᠭ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ︔ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ           ᠲᠠᠮᠢᠷ︶᠎ ᠤᠨ ᠲᠣᠪᠴᠢᠶ᠎ᠠ ᠶᠢᠨ ᠪᠠᠭ ᠤᠨ ᠭᠡᠰᠢᠭᠦᠨ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠭᠤᠣᠯ ᠬᠠᠷᠢᠭᠤᠴᠠᠯᠭᠠᠲᠠᠨ︔ ᠡᠯ᠎ᠡ ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠪᠣᠯᠤᠨ ᠥᠭᠡᠷᠡᠴᠢᠯᠡᠯᠲᠡ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃           
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号