ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/5/21
      5 ᠰᠠᠷ᠎ᠠ ᠶᠢᠨ 19᠎ ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠎ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠪᠦᠭᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ᠃ 12345 ᠬᠠᠯᠠᠮᠰᠢᠯ ᠤᠲᠠᠰᠤ ᠪᠠᠷ ᠲᠤᠰᠬᠠᠭᠰᠠᠨ ᠬᠦᠰᠡᠯ ᠱᠠᠭᠠᠷᠳᠠᠯᠭ᠎ᠠ ᠶᠢ ᠪᠦᠭᠦ᠋ᠢᠯᠡ ᠭᠤᠭᠴᠤᠭ᠎ᠠ ᠪᠠᠷ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢᠨ ᠡᠭᠦᠷᠭᠡ ᠎ ᠶᠢ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠠᠪᠤᠳᠠᠯ ᠢ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠎ ᠶᠢ ᠰᠤᠳᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠎ ᠤᠨ ᠬᠠᠷᠰᠢ ᠶᠢ ᠴᠡᠪᠡᠷᠯᠡᠨ ᠴᠡᠭᠴᠡᠯᠡᠬᠦ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠬᠦ ᠲᠠᠢ ᠤᠶᠠᠯᠳᠤᠭᠤᠯᠤᠨ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡᠬᠡᠨ ᠪᠠᠷᠢᠯᠭ᠎ᠠ ᠡᠬᠢᠯᠡᠭᠦᠯᠬᠦ᠂ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠢᠯ ᠢ ᠨᠠᠩ ᠣᠯᠠᠨ ᠪᠣᠳᠠᠲᠤ ᠬᠡᠮᠵᠢᠶ᠎ᠡ ᠲᠠᠢ ᠪᠤᠯᠭᠠᠬᠤ᠂ ᠪᠠᠶᠢᠭᠤᠯᠵᠤ ᠳᠠᠭᠤᠰᠤᠭᠰᠠᠨ ᠲᠥᠷᠥᠯ ᠵᠦᠢᠯ ᠤᠨ ᠦᠢᠯᠡᠳᠪᠦᠷᠢᠯᠡᠯ ᠢ ᠳᠠᠷᠤᠢ ᠲᠦᠷᠭᠡᠨ ᠡᠬᠢᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠮᠠᠯᠴᠢᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠠᠳᠬᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠰᠢᠨ᠎ᠡ ᠡᠨᠧᠷᠭᠢ ᠵᠡᠷᠭᠡ ᠬᠦᠷᠢᠶᠡᠨ ᠳᠤ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠳᠤᠮᠳᠠ ᠥᠪᠥᠷ ᠮᠣᠩᠭᠤᠯ ᠤᠨ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠪᠣᠯᠣᠨ 48 ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ ᠪᠢᠴᠢᠭ ᠮᠠᠲ᠋ᠧᠷᠢᠶᠠᠯ ᠢ ᠴᠢᠩᠭ᠎ᠠ ᠠᠩᠬᠠᠷᠴᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ ᠴᠠᠭ ᠤᠨ ᠬᠦᠰᠦᠨᠦᠭᠲᠦ᠂ ᠪᠠᠷᠢᠯᠭ᠎ᠠ ᠶᠢᠨ ᠵᠢᠷᠤᠭ ᠢ ᠨᠢᠭᠡ ᠨᠢᠭᠡ ᠪᠠᠷ ᠲᠣᠳᠣᠷᠬᠠᠶᠢᠯᠠᠵᠤ᠂ ᠳᠡᠳ᠋ ᠲᠡᠷᠢᠭᠦᠯᠡᠭᠴᠢ ᠨᠠᠷ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠵᠤ ᠪᠠᠶᠢᠭ᠎ᠠ ᠠᠵᠢᠯ ᠢᠶᠠᠨ ᠬᠠᠮᠢᠶᠠᠷᠴᠤ᠂ ᠲᠥᠷᠥ ᠶᠢᠨ ᠪᠣᠳᠣᠯᠭ᠎ᠠ ᠶᠢ ᠪᠣᠳᠠᠲᠠᠢ ᠲᠥᠷᠥᠯ ᠵᠦᠢᠯ ᠳᠡᠭᠡᠷ᠎ᠡ ᠨᠠᠶᠢᠳᠠᠪᠤᠷᠢᠵᠢᠭᠤᠯᠵᠤ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠤᠳᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ᠂ ᠪᠠᠷᠢᠯᠭ᠎ᠠ ᠶᠢᠨ ᠪᠤᠰᠤ ᠬᠦᠷᠢᠶᠡᠨ ᠳᠠᠬᠢ ᠴᠠᠯᠢᠩ ᠥᠷᠢᠲᠦᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ ᠵᠦᠢᠯ ᠤᠨ ᠴᠠᠯᠢᠩ ᠥᠷᠢᠲᠦᠵᠦ ᠪᠠᠶᠢᠭ᠎ᠠ ᠠᠰᠠᠭᠤᠳᠠᠯ ᠎ ᠢ ᠠᠷᠢᠯᠭᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠰᠡᠯ ᠱᠠᠭᠠᠷᠳᠠᠯᠭ᠎ᠠ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠴᠠᠯᠢᠩ ᠥᠷᠢᠲᠦᠬᠦ ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠪᠠᠷ ᠨᠡᠮᠡᠭᠳᠡᠬᠦ ᠶᠢ ᠡᠬᠢ ᠦᠨᠳᠦᠰᠦ ᠠᠴᠠ ᠨᠢ ᠬᠤᠷᠢᠭᠯᠠᠵᠤ᠂ ᠬᠥᠯᠥᠰᠦᠨ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠷᠭᠦᠯᠵᠢᠯᠡᠨ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠭᠡᠷ ᠬᠥᠷᠥᠩᠭᠡ ᠶᠢᠨ ᠦᠨᠡᠮᠯᠡᠯ ᠠᠪᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠰᠤᠳᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠤᠯᠪᠤᠭᠠᠯᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠵᠤ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠭᠡᠷ ᠪᠠᠶᠢᠰᠢᠩ ᠤᠨ ᠪᠠᠷᠢᠯᠭ᠎ᠠ ᠳᠠᠭᠤᠰᠴᠤ ᠰᠢᠯᠭᠠᠨ ᠠᠪᠴᠤ ᠳᠡᠶᠢᠯᠭᠦ ᠦᠭᠡᠢ ᠪᠠᠶᠢᠬᠤ᠂ ᠪᠠᠶᠢᠭᠤᠯᠤᠭᠰᠠᠨ ᠠᠵᠤ ᠠᠬᠤᠶᠢᠯᠠᠯ ᠭᠠᠶᠢᠯᠢ ᠰᠦᠢᠳᠬᠡᠯ ᠲᠤᠰᠢᠶᠠᠬᠤ ᠴᠢᠳᠠᠯ ᠦᠭᠡᠢ᠂ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠭᠰᠡᠨ ᠦᠭᠡᠢ ᠵᠡᠷᠭᠡ ᠪᠠᠶᠢᠳᠠᠯ ᠳᠤ ᠴᠢᠭᠯᠡᠭᠦᠯᠦᠨ᠂ ᠬᠠᠨᠳᠤᠯᠭᠠᠲᠤ ᠴᠢᠨᠠᠷᠲᠠᠢ ᠪᠠᠷ ᠠᠷᠭ᠎ᠠ ᠬᠡᠮᠵᠢᠶ᠎ᠡ ᠠᠪᠴᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠲᠦᠷᠭᠡᠨ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号