2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ      ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ︶ ᠠᠮᠵᠢᠯᠲᠠᠲᠠᠢ ᠥᠨᠳᠥᠷᠯᠡᠪᠡ
ᠨᠡᠶᠢᠲᠡᠯᠡᠭᠰᠡᠨ ᠴᠠᠭ᠄
2025/5/21
      5 ᠳ᠋ᠤᠭᠠᠷ ᠰᠠᠷ᠎ᠠ ᠶᠢᠨ 18᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠎ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠬᠡᠷᠡᠭᠵᠢᠭᠦᠯᠵᠦ᠂ ᠪᠤᠭᠤᠲᠤ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ︶ ᠠᠮᠵᠢᠯᠲᠠᠲᠠᠢ ᠥᠨᠳᠦᠷᠯᠡᠪᠡ᠃ ᠤᠷᠤᠯᠳᠤᠭᠠᠨ 5 ᠰᠠᠷ᠎ᠠ ᠶᠢᠨ 12᠎ ᠤᠨ ᠡᠳᠦᠷ ᠠᠴᠠ ᠡᠬᠢᠯᠡᠨ᠂ 7 ᠡᠳᠦᠷ ᠶᠠᠪᠤᠭᠳᠠᠵᠤ᠂ ᠪᠦᠬᠦ ᠣᠷᠣᠨ ᠤ 13 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ 9 ᠡᠷᠡᠭᠲᠡᠢ ᠶᠢᠨ ᠲᠥᠯᠥᠭᠡᠯᠡᠭᠴᠢᠳ ᠤᠨ ᠠᠩᠭᠢ᠂ 8 ᠡᠮᠡᠭᠲᠡᠢ ᠶᠢᠨ ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠤ᠂ 200 ᠭᠠᠷᠤᠢ ᠲᠠᠮᠢᠷᠴᠢᠳ ᠡᠷᠡᠮᠡᠬᠡᠶᠢᠯᠡᠨ ᠲᠡᠮᠡᠴᠡᠵᠦ ᠤᠮᠠᠷᠠᠲᠤ ᠬᠢᠯᠢ ᠶᠢᠨ ᠵᠠᠯᠠᠭᠤᠴᠤᠳ ᠤᠨ ᠣᠷᠬᠢᠯᠤᠮ᠎ᠠ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢ ᠬᠠᠷᠠᠭᠤᠯᠪᠠ᠃   

1.jpg

      ᠤᠷᠤᠯᠳᠤᠭᠠᠨ ᠠᠴᠠ ᠡᠮᠦᠨ᠎ᠡ᠂ ᠵᠣᠬᠢᠶᠠᠨ ᠪᠠᠶᠢᠭᠤᠯᠬᠤ ᠺᠣᠮᠢᠰ ᠠᠴᠠ ᠳᠠᠭᠠᠭᠤᠯᠤᠭᠴᠢ᠂ ᠰᠤᠷᠭᠠᠭᠴᠢ᠂

ᠬᠢᠨᠠᠭᠴᠢ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠤᠷᠤᠯᠳᠤᠭᠠᠨ ᠤ ᠨᠠᠷᠢᠨ ᠳᠦᠷᠢᠮ ᠢ ᠲᠣᠳᠣᠷᠬᠠᠶᠢᠯᠠᠬᠤ

᠎ ᠶᠢᠨ ᠬᠠᠮᠲᠤ ᠤᠷᠤᠯᠳᠤᠭᠠᠨ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠤᠷᠤᠯᠳᠤᠭᠠᠨ ᠤ ᠰᠤᠷᠲᠠᠯ ᠤᠷᠤᠯᠳᠤᠭᠠᠨ

᠎ ᠤ ᠰᠠᠬᠢᠯᠭ᠎ᠠ ᠪᠠᠲᠤ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ

ᠵᠠᠳᠠᠯᠬᠤ ᠪᠠ ᠰᠡᠷᠡᠮᠵᠢᠯᠡᠭᠦᠯᠬᠦ ᠬᠥᠮᠦᠵᠢᠯ ᠢᠶᠠᠷ ᠳᠠᠮᠵᠢᠭᠤᠯᠤᠨ᠂ ᠡᠷᠬᠡ ᠲᠡᠭᠰᠢ ᠤᠷᠤᠯᠳᠤᠭᠠᠨ ᠤ ᠤᠬᠠᠮᠰᠠᠷ ᠪᠠ

ᠲᠠᠮᠢᠷᠴᠢᠨ᠂ ᠰᠤᠷᠭᠠᠭᠴᠢ ᠶᠢᠨ ᠦᠢᠯᠡ ᠠᠵᠢᠯᠯᠠᠭ᠎ᠠ ᠶᠢᠨ ᠵᠢᠷᠤᠮᠵᠢᠯ ᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠶᠣᠰᠣ

ᠮᠣᠷᠠᠯ ᠤᠨ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠪᠡ᠃

2.jpg

      ᠡᠨᠡ ᠤᠳᠠᠭᠠᠨ ᠤ ᠤᠷᠤᠯᠳᠤᠭᠠᠨ ᠬᠤᠷᠴᠠ ᠰᠢᠷᠦᠭᠦᠨ ᠶᠠᠪᠤᠭᠳᠠᠵᠤ᠂ ᠦᠷ᠎ᠡ ᠪᠦᠲᠦᠭᠡᠯ ᠡᠯᠪᠡᠭ          

ᠳᠡᠯᠪᠡᠭ᠃ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ ᠠᠯᠠᠭᠠᠳᠠᠬᠤ

ᠪᠥᠮᠪᠦᠭᠡ ᠶᠢᠨ ᠠᠩᠭᠢ ᠯᠠᠪᠳᠠᠭᠤᠨ ᠪᠠᠲᠤᠲᠠᠢ ᠰᠠᠭᠤᠷᠢ ᠮᠡᠷᠭᠡᠵᠢᠯ ᠪᠠ ᠯᠠᠪᠳᠠᠭᠤᠨ ᠲᠣᠭᠲᠠᠭᠤᠨ ᠪᠠᠶᠢᠯᠳᠤᠬᠤ

ᠠᠷᠭ᠎ᠠ ᠪᠠᠷ᠂ ᠲᠤᠰ ᠬᠤᠭᠤᠴᠠᠭᠠᠨ ᠤ ᠤᠷᠤᠯᠳᠤᠭᠠᠨ ᠤ ᠬᠤᠣᠰ ᠮᠠᠩᠯᠠᠢ ᠳᠤ ᠲᠣᠳᠤᠷᠠᠪᠠ᠃ ᠤᠷᠤᠯᠳᠤᠭᠠᠨ ᠤ

ᠲᠠᠯᠠᠪᠤᠷ ᠲᠤ᠂ ᠲᠠᠮᠢᠷᠴᠢᠳ ᠳᠠᠭᠠᠷᠢᠯᠲᠠ ᠶᠢ ᠰᠡᠷᠭᠡᠶᠢᠯᠡᠬᠦ ᠨᠢ ᠡᠮᠬᠢ ᠵᠢᠷᠤᠮ ᠲᠠᠢ᠂ ᠡᠷᠡᠮᠡᠬᠡᠶᠢᠯᠡᠨ ᠲᠡᠮᠡᠴᠡᠵᠦ᠂ ᠤᠷᠠᠨ

ᠨᠠᠷᠢᠯᠢᠭ ᠤᠷ᠎ᠠ ᠮᠡᠷᠭᠡᠵᠢᠯ ᠢᠶᠠᠷ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠪᠡ︔

ᠤᠷᠤᠯᠳᠤᠭᠠᠨ ᠠᠴᠠ ᠭᠠᠳᠠᠨ᠎ᠠ᠂ ᠡᠯ᠎ᠡ ᠰᠤᠷᠭᠠᠭᠤᠯᠢ ᠮᠡᠷᠭᠡᠵᠢᠯ ᠤᠨ ᠰᠣᠯᠢᠯᠴᠠᠭ᠎ᠠ᠂ ᠰᠣᠶᠣᠯ ᠤᠨ ᠵᠦᠪᠯᠡᠯᠭᠡ ᠥᠭᠬᠦ

ᠵᠡᠷᠭᠡ ᠣᠯᠠᠨ ᠡᠰᠢᠵᠢᠭᠦᠯᠦᠭᠰᠡᠨ ᠬᠡᠯᠪᠡᠷᠢ ᠪᠠᠷ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠤᠨ ᠤᠮᠠᠷᠠᠲᠤ ᠬᠢᠯᠢ ᠶᠢᠨ

ᠰᠣᠶᠣᠯ ᠤᠨ ᠭᠦᠨᠵᠡᠭᠡᠢ ᠠᠭᠤᠰᠤᠯᠴᠠᠭ᠎ᠠ ᠶᠢ ᠪᠦᠲᠦᠮᠵᠢᠲᠡᠢ ᠠᠬᠢᠭᠤᠯᠪᠠ᠃

3.jpg

4.jpg

      ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠡᠶ᠎ᠡ ᠶᠢᠨ

ᠲᠠᠮᠢᠷ ᠤᠨ ᠠᠵᠢᠯ ᠤᠨ ᠴᠢᠬᠤᠯᠠ ᠦᠵᠡᠭᠦᠯᠭᠡ ᠶᠢᠨ ᠲᠠᠪᠴᠠᠩ ᠪᠣᠯᠤᠭᠰᠠᠨ ᠤ ᠬᠤᠪᠢ ᠳᠤ᠂ ᠲᠤᠰ ᠤᠳᠠᠭᠠᠨ ᠤ

ᠮᠠᠩᠯᠠᠢ ᠰᠢᠯᠭᠠᠷᠠᠭᠤᠯᠬᠤ ᠤᠷᠤᠯᠳᠤᠭᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠭᠤᠯᠢ ᠶᠢᠨ ᠬᠤᠭᠤᠷᠣᠨᠳᠣᠬᠢ

ᠰᠣᠯᠢᠯᠴᠠᠭᠠᠨ ᠤ ᠬᠥᠭᠦᠷᠭᠡ ᠶᠢ ᠪᠠᠶᠢᠭᠤᠯᠬᠤ ᠎ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ

ᠲᠠᠮᠢᠷ ᠤᠨ ᠰᠣᠶᠣᠯ ᠤᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠵᠤ᠂ ᠮᠠᠨ ᠤ ᠣᠷᠣᠨ ᠤ ᠰᠤᠷᠭᠠᠭᠤᠯᠢ ᠶᠢᠨ

ᠪᠡᠶ᠎ᠡ ᠶᠢᠨ ᠲᠠᠮᠢᠷ ᠤᠨ ᠦᠢᠯᠡᠰ ᠤᠨ ᠠᠭᠤᠯᠤᠭᠳᠠᠬᠤᠨᠲᠤ ᠮᠠᠶ᠋ᠢᠭ ᠤᠨ ᠬᠥᠭᠵᠢᠯᠲᠡ ᠶᠢ ᠠᠬᠢᠭᠤᠯᠬᠤ ᠳᠤ ᠬᠦᠴᠦᠲᠡᠢ

ᠲᠤᠯᠭᠠᠭᠤᠷᠢᠯᠠᠯ ᠬᠠᠩᠭᠠᠭᠰᠠᠨ ᠪᠠᠶᠢᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号