5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠳᠡᠭᠡᠳᠦ | ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠤᠨ | ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠳᠤ | ᠪᠠᠶᠢᠴᠠᠭᠠᠨ ᠰᠤᠳᠤᠯᠪᠠ᠃ | | | | | | ᠡᠨᠡ ᠵᠢᠯ ᠪᠣᠯ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ | ᠰᠢᠯᠭᠠᠯᠲᠠ ᠶᠢᠨ ᠵᠢᠯ ᠪᠣᠯᠣᠨ᠎ᠠ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ | ᠬᠥᠮᠦᠵᠢᠯ ᠤᠨ ᠰᠢᠯᠭᠠᠯᠲᠠ ᠶᠢᠨ ᠶᠠᠪᠤᠳᠠᠯ ᠤᠨ ᠵᠢᠯᠤᠭᠤᠳᠬᠤ ᠲᠥᠪ ᠲᠤ ᠬᠦᠷᠴᠦ᠂ ᠶᠡᠭᠡ ᠳᠡᠭᠡᠳᠦ ᠰᠤᠷᠭᠠᠭᠤᠯᠢ ᠳᠤ | ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲ᠋ᠧᠮ ᠤᠨ | ᠠᠵᠢᠯᠯᠠᠭᠠᠨ ᠤ ᠪᠠᠶᠢᠳᠠᠯ ᠢ ᠲᠤᠬᠠᠢ ᠶᠢᠨ ᠲᠠᠯᠠᠪᠠᠶ ᠳᠤ ᠣᠶᠢᠯᠠᠭᠠᠵᠤ᠂ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ᠂ | ᠰᠢᠯᠭᠠᠯᠲᠠ ᠶᠢᠨ ᠶᠠᠪᠤᠳᠠᠯ ᠢ ᠵᠣᠬᠢᠶᠠᠨ ᠪᠠᠶᠢᠭᠤᠯᠬᠤ ᠪᠣᠯᠪᠠᠰᠤᠷᠠᠯ᠂ ᠰᠢᠯᠭᠠᠯᠲᠠ ᠶᠢᠨ ᠬᠠᠭᠤᠳᠠᠰᠤ ᠶᠢ ᠬᠠᠮᠢᠶᠠᠷᠴᠤ | ᠲᠠᠷᠬᠠᠭᠠᠬᠤ᠂ ᠰᠢᠯᠭᠠᠭᠤᠯᠤᠭᠴᠢ ᠶᠢᠨ ᠦᠢᠯᠡᠴᠢᠯᠡᠭᠡ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠵᠡᠷᠭᠡ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ | ᠠᠵᠢᠯ ᠤᠨ ᠳᠡᠰ ᠳᠠᠷᠠᠭᠠᠯᠠᠯ ᠢ ᠡᠮᠬᠢᠯᠡᠨ᠂ ᠠᠰᠠᠭᠤᠳᠠᠯ ᠤᠨ ᠳᠠᠯᠳᠠ ᠭᠡᠮ ᠢ ᠡᠷᠢᠵᠦ᠂ ᠠᠷᠭᠠᠴᠠᠭᠠᠬᠤ ᠠᠷᠭ᠎ᠠ | ᠬᠡᠮᠵᠢᠶ᠎ᠡ ᠶᠢ ᠨᠢᠭᠡᠳ ᠨᠢᠭᠡ ᠪᠠᠷ ᠬᠠᠷᠭᠤᠭᠤᠯᠵᠤ᠂ ᠦᠨᠡᠨ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠳᠠᠭᠢᠨ ᠳᠠᠪᠲᠠᠨ ᠵᠠᠬᠢᠪᠠ᠃ | | | | | | ᠸᠠᠩ ᠯᠢ ᠰᠢᠶᠠ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠲᠦᠭ ᠲᠦᠮᠡᠨ ᠠᠶᠢᠯ ᠡᠷᠦᠭᠡ ᠲᠠᠢ ᠬᠤᠯᠪᠣᠭᠳᠠᠨ᠎ᠠ᠂ ᠡᠨᠡ ᠨᠢ ᠰᠢᠯᠭᠠᠭᠤᠯᠤᠭᠴᠢ ᠶᠢᠨ ᠨᠢᠭᠡ | ᠤᠳᠠᠭ᠎ᠠ ᠶᠢᠨ ᠬᠥᠮᠥᠨ ᠤ ᠠᠮᠢᠳᠤᠷᠠᠯ ᠤᠨ ᠶᠡᠭᠡ ᠰᠢᠯᠭᠠᠯᠲᠠ ᠪᠤᠯᠬᠤ ᠪᠠᠷ ᠪᠠᠷᠠᠬᠤ ᠦᠭᠡᠢ ᠪᠠᠰᠠ ᠴᠤ ᠪᠢᠳᠡᠨ ᠳᠤ | ᠲᠠᠯᠪᠢᠭᠰᠠᠨ ᠨᠢᠭᠡ ᠤᠳᠠᠭ᠎ᠠ ᠶᠢᠨ ᠤᠯᠤᠰ ᠲᠦᠷᠦ ᠶᠢᠨ ᠶᠡᠭᠡ ᠰᠢᠯᠭᠠᠯᠲᠠ ᠪᠠ ᠰᠤᠷᠲᠠᠯ ᠤᠨ ᠶᠡᠭᠡ ᠰᠢᠯᠭᠠᠯᠲᠠ | ᠪᠣᠯᠣᠨ᠎ᠠ᠂ ᠡᠷᠬᠡᠪᠰᠢ ᠡᠯ᠎ᠡ ᠵᠦᠢᠯ ᠤᠨ ᠠᠵᠢᠯ ᠢ ᠲᠦᠢᠯ ᠤᠨ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠷᠢᠨ ᠵᠦᠢᠯᠡᠰ ᠢ | ᠴᠢᠬᠤᠯᠠᠴᠢᠯᠠᠵᠤ᠂ ᠪᠣᠳᠠᠲᠠᠢ ᠪᠣᠯᠪᠠᠰᠤᠷᠠᠯ ᠢ ᠴᠢᠬᠤᠯᠠᠴᠢᠯᠠᠵᠤ᠂ ᠲᠠᠭᠢᠨ ᠳᠠᠪᠲᠠᠨ ᠪᠣᠯᠪᠠᠰᠤᠷᠠᠬᠤ ᠶᠢ ᠴᠢᠬᠤᠯᠠᠴᠢᠯᠠᠵᠤ᠂ | ᠠᠰᠠᠭᠤᠳᠠᠯ ᠢ ᠢᠯᠡᠷᠡᠭᠦᠯᠦᠨ ᠬᠥᠳᠡᠯᠦᠩᠭᠦᠢ ᠪᠠᠷ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠠᠮᠤᠷ | ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠯᠭᠠᠯᠲᠠ ᠳᠤ ᠬᠤᠯᠪᠣᠭᠳᠠᠬᠤ ᠪᠦᠭᠦ ᠶᠠᠪᠤᠴᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠲᠠᠯᠠᠪᠠᠢ ᠶᠢᠨ ᠳᠣᠲᠣᠨ᠎ᠠ ᠭᠠᠳᠠᠨᠠᠬᠢ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠪᠠ ᠨᠡᠶᠢᠭᠡᠮ ᠤᠨ ᠣᠷᠴᠢᠨ ᠤ | ᠠᠮᠤᠷ ᠲᠦᠪᠰᠢᠨ ᠢ ᠰᠠᠶᠢᠲᠤᠷ ᠠᠳᠬᠤᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠬᠦ | ᠬᠡᠷᠡᠭᠲᠡᠢ᠃ ᠰᠢᠯᠭᠠᠭᠤᠯᠤᠭᠰᠠᠳ ᠤᠨ ᠪᠣᠳᠠᠲᠠᠢ ᠬᠡᠷᠡᠭᠴᠡᠭᠡ ᠠᠴᠠ ᠡᠭᠦᠰᠴᠦ᠂ ᠠᠮᠤᠷ ᠢ ᠬᠠᠮᠠᠭᠠᠯᠠᠬᠤ ᠬᠠᠮᠢᠶᠠᠷᠤᠯᠲᠠ᠂ | ᠱᠤᠤᠭᠢᠶᠠᠨ ᠤ ᠵᠠᠰᠠᠯᠲᠠ᠂ ᠢᠳᠡᠭᠡᠨ ᠤ ᠠᠮᠤᠷ ᠲᠦᠪᠰᠢᠨ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠠᠵᠢᠯ ᠢ | ᠨᠢᠭᠡᠳᠦᠯᠲᠡᠢ ᠲᠥᠯᠥᠪᠵᠢᠭᠦᠯᠦᠨ᠂ ᠨᠠᠩ ᠣᠯᠠᠨ ᠳᠥᠭᠦᠮ ᠳᠥᠲᠡ ᠠᠷᠭ᠎ᠠ ᠬᠡᠮᠵᠢᠶ᠎ᠡ ᠪᠠ ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠢ ᠪᠤᠶ ᠪᠤᠯᠭᠠᠬᠤ | ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠯᠲᠠ᠂ ᠴᠠᠭᠢᠯᠭᠠᠨ ᠬᠦᠴᠦᠨ᠂ ᠴᠠᠭ ᠠᠭᠤᠷ ᠵᠡᠷᠭᠡ ᠰᠠᠯᠠᠭ᠎ᠠ | ᠮᠥᠴᠢᠷ ᠤᠨ ᠬᠢᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠨ᠂ ᠬᠢᠨᠠᠨ ᠬᠡᠮᠵᠢᠵᠦ | ᠰᠡᠷᠡᠮᠵᠢᠯᠡᠭᠦᠯᠭᠦ ᠪᠠᠨ ᠴᠢᠩᠭᠠᠷᠠᠭᠤᠯᠵᠤ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ | ᠲᠥᠰᠥᠯ ᠢᠶᠠᠨ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ᠂ ᠤᠷᠤᠭᠰᠢᠲᠠᠢ ᠪᠥᠭᠡᠳ ᠲᠡᠭᠦᠰ ᠠᠮᠵᠢᠯᠲᠠ ᠣᠯᠬᠤ ᠶᠢ ᠪᠠᠲᠤᠯᠠᠬᠤ | ᠬᠡᠷᠡᠭᠲᠡᠢ ᠭᠡᠪᠡ᠃ | | | |