2025 ᠣᠨ ᠤ ᠥᠪᠥᠷ ᠮᠣᠩᠭᠤᠯ ᠤᠨ ᠪᠦᠬᠦ ᠠᠷᠠᠳ ᠤᠨ ᠨᠢᠭᠡ ᠨᠠᠰᠤᠨ ᠤ ᠰᠤᠷᠤᠯᠴᠠᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/5/22
      ᠲᠦᠷᠦᠭᠦᠬᠡᠨ᠂ ᠥᠪᠥᠷ ᠮᠣᠩᠭᠤᠯ ᠤᠨ 2025 ᠣᠨ ᠤ ᠪᠦᠬᠦ ᠠᠷᠠᠳ ᠤᠨ ᠨᠢᠭᠡ ᠨᠠᠰᠤᠨ ᠤ ᠰᠤᠷᠤᠯᠴᠠᠯᠭ᠎ᠠ ᠶᠢᠨ ᠠᠵᠢᠯᠯᠠᠭ᠎ᠠ ᠶᠢᠨ ᠭᠠᠷᠠᠭ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠶᠠᠩ ᠢᠦᠢ ᠴᠦᠨ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃

1.jpg

      ᠡᠨᠡ ᠵᠢᠯ ᠤᠨ ᠠᠵᠢᠯᠯᠠᠭ᠎ᠠ ᠶᠢᠨ ᠭᠠᠷᠠᠭ ᠤᠨ ᠭᠤᠣᠯ ᠰᠡᠳᠦᠪ ᠪᠣᠯ ︽ᠰᠤᠷᠤᠯᠴᠠᠯᠭ᠎ᠠ ᠶᠢ ᠨᠢᠭᠡ ᠵᠦᠢᠯ ᠤᠨ

ᠠᠮᠢᠳᠤᠷᠠᠯ ᠤᠨ ᠠᠷᠭ᠎ᠠ ᠮᠠᠶ᠋ᠢᠭ ᠪᠣᠯᠭᠠᠬᠤ︾ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠢᠳᠡᠪᠬᠢᠲᠡᠢ ᠣᠷᠣᠯᠴᠠᠵᠤ᠂ ᠪᠦᠬᠦ ᠣᠷᠣᠨ ᠤ 8

ᠰᠠᠯᠠᠭ᠎ᠠ ᠮᠥᠴᠢᠷ ᠬᠠᠮᠲᠤᠷᠠᠨ ᠡᠷᠬᠢᠯᠡᠵᠦ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ

ᠪᠡᠶ᠎ᠡ ᠶᠢᠨ ᠲᠠᠮᠢᠷ︶ ᠎ ᠤᠨ ᠲᠣᠪᠴᠢᠶ᠎ᠠ᠂ ᠥᠪᠥᠷ ᠮᠣᠩᠭᠤᠯ ᠤᠨ ᠨᠡᠭᠡᠭᠡᠯᠲᠡᠲᠦ ᠶᠡᠭᠡ ᠰᠤᠷᠭᠠᠭᠤᠯᠢ᠂ ᠡᠯ᠎ᠡ ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠴᠢ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ

ᠨᠠᠰᠤᠲᠠᠶᠢᠴᠤᠳ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠡᠭ ᠤᠨ ᠲᠤᠷᠰᠢᠯᠲᠠ ᠶᠢᠨ ᠴᠡᠭ ᠤᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ 70 ᠬᠥᠮᠦᠨ ᠡᠬᠢᠯᠡᠯᠲᠡ ᠶᠢᠨ ᠶᠣᠰᠣᠯᠠᠯ ᠳᠤ

ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ 8 ᠨᠢᠭᠡᠴᠢ ᠲᠤᠰ ᠰᠢᠰᠲ᠋ᠧᠮ ᠤᠨ ᠢᠶᠠᠨ ᠰᠤᠷᠤᠯᠴᠠᠬᠤ ᠡᠬᠢ

ᠪᠠᠶᠠᠯᠢᠭ ᠢ ᠭᠦᠢᠴᠡᠳ ᠳᠠᠶᠢᠴᠢᠯᠠᠵᠤ᠂ ᠠᠵᠢᠯ ᠲᠥᠷᠥᠯ ᠪᠠ ᠬᠦᠷᠢᠶ᠎ᠡ ᠴᠠᠷᠠᠭ᠎ᠠ ᠶᠢᠨ ᠣᠨᠴᠠᠯᠢᠭ ᠲᠠᠢ ᠣᠯᠠᠨ ᠳᠡᠰ

ᠳᠠᠪᠬᠤᠷᠭ᠎ᠠ᠂ ᠣᠯᠠᠨ ᠲᠥᠷᠥᠯ ᠬᠡᠯᠪᠡᠷᠢ ᠶᠢᠨ ᠨᠣᠮ ᠤᠩᠰᠢᠬᠤ ᠰᠣᠯᠢᠯᠴᠠᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠯ

ᠵᠡᠷᠭᠡ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠠᠷᠠᠳ ᠲᠦᠮᠡᠨ ᠤ ᠣᠯᠠᠨ ᠶᠠᠩᠵᠤᠴᠢᠯᠠᠭᠰᠠᠨ

ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ ᠪᠦᠬᠦ

ᠣᠷᠣᠨ ᠤ ᠬᠤᠶᠠᠳᠤᠭᠠᠷ ᠪᠦᠯᠦᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠰᠤᠲᠠᠶᠢᠴᠤᠳ ᠤᠨ

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠡᠭ ᠤᠨ ᠲᠥᠯᠥᠭᠡᠯᠡᠭᠴᠢᠳ ᠲᠤ ᠫᠠᠶᠢᠰᠠ ᠣᠯᠭᠤᠭᠰᠠᠨ ᠤ ᠬᠠᠮᠲᠤ

ᠨᠢᠭᠡ ᠨᠠᠰᠤᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠯᠠᠯᠲᠠ ᠶᠢ ᠡᠷᠭᠢᠯᠡᠵᠦ᠂

ᠨᠠᠰᠤᠲᠠᠶᠢᠴᠤᠳ ᠤᠨ ︽ᠥᠲᠡᠯᠪᠡᠯ ᠰᠤᠷᠤᠯᠴᠠᠬᠤ ᠭᠠᠵᠠᠷ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠬᠢᠬᠦ

ᠠᠵᠢᠯ ᠲᠠᠢ︾ ᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠪᠠ ᠨ‍‌ᠨᠢᠭᠡ ᠨᠠᠰᠤᠨ ᠤ ᠰᠤᠷᠤᠯᠴᠠᠯᠭ᠎ᠠ ᠶᠢᠨ ᠦᠷ᠎ᠡ

ᠪᠦᠲᠦᠭᠡᠯ ᠢ ᠳᠡᠯᠭᠡᠨ ᠦᠵᠡᠭᠦᠯᠪᠡ᠃

   

2.jpg

      ᠡᠨᠡ ᠤᠳᠠᠭᠠᠨ ᠤ ᠠᠵᠢᠯᠯᠠᠭ᠎ᠠ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠪᠦᠬᠦ ᠠᠷᠠᠳ ᠤᠨ ᠤᠩᠰᠢᠯᠭ᠎ᠠ ᠶᠢ

ᠭᠦᠨᠵᠡᠭᠡᠶᠢᠷᠡᠭᠦᠯᠦᠨ᠂ ︽ᠨᠠᠰᠤᠲᠠᠢ ᠬᠥᠮᠦᠨ ᠪᠠ ᠬᠡᠦᠬᠡᠳ ᠭᠠᠷ ᠬᠤᠯᠪᠣᠨ ᠨᠣᠮ ᠤᠩᠰᠢᠬᠤ ᠠᠵᠢᠯᠯᠠᠭ᠎ᠠ︾᠎ ᠶᠢ

ᠶᠠᠪᠤᠭᠳᠠᠭᠤᠯᠵᠤ᠂ ᠪᠦᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ︽ᠢᠷᠡᠭᠡᠳᠦᠢ ᠶᠢᠨ ᠤᠷᠠᠨ

ᠳᠠᠷᠬᠠᠨ︾ ᠨᠣᠮ ᠤᠩᠰᠢᠬᠤ ᠪᠠ ︽ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠢ ᠰᠤᠷᠭᠠᠭᠤᠯᠢ ᠳᠤ          

ᠣᠷᠣᠭᠤᠯᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ

᠎ ᠶᠢᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ᠂ ᠪᠦᠬᠦ

ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠦᠨᠳᠦᠰᠦᠲᠡᠨ ᠤ ᠰᠣᠶᠣᠯ ᠢ ᠤᠯᠠᠮᠵᠢᠯᠠᠨ

ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠳᠠᠭᠤᠷᠢᠶᠠᠯ ᠦᠵᠡᠭᠦᠯᠬᠦ ᠲᠤᠰᠬᠠᠢ ᠮᠡᠷᠭᠡᠵᠢᠯ ᠤᠨ ᠴᠡᠭ ᠤᠨ ᠦᠢᠯᠡᠳᠦᠯ ᠢ

ᠪᠠᠳᠠᠷᠠᠭᠤᠯᠪᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠵᠦ᠂

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠡᠭᠡᠳᠦ

ᠰᠤᠷᠭᠠᠭᠤᠯᠢ ︵ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠳᠡᠭᠡᠳᠦ ᠰᠤᠷᠭᠠᠭᠤᠯᠢ᠂ ᠴᠡᠷᠢᠭ ᠠᠴᠠ ᠬᠠᠯᠠᠭᠳᠠᠭᠰᠠᠳ

᠎ ᠤᠨ ᠠᠵᠤ ᠦᠢᠯᠡᠰ ᠤᠨ ᠳᠡᠭᠡᠳᠦ ᠰᠤᠷᠭᠠᠭᠤᠯᠢ︶᠎ ᠶᠢ ᠪᠠᠶᠢᠭᠤᠯᠬᠤ ᠶᠢ ᠳᠡᠮᠵᠢᠵᠦ᠂ ᠨᠠᠰᠤᠲᠠᠨ ᠢ ᠠᠰᠠᠷᠠᠵᠤ ᠬᠡᠦᠬᠡᠳ

ᠰᠠᠭᠠᠲᠠᠭᠤᠯᠬᠤ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠨᠠᠰᠤᠲᠠᠨ ᠢ

ᠠᠰᠠᠷᠠᠵᠤ ᠬᠡᠦᠬᠡᠳ ᠰᠠᠭᠠᠲᠠᠭᠤᠯᠬᠤ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠲᠤᠰᠬᠠᠢ

ᠮᠡᠷᠭᠡᠵᠢᠯ ᠤᠨ ᠪᠠᠶᠢᠭᠤᠯᠤᠮᠵᠢ ᠪᠠ ᠦᠢᠯᠡᠴᠢᠯᠡᠭᠡᠨ ᠤ ᠨᠡᠷᠡᠲᠦ ᠲᠡᠮᠳᠡᠭᠲᠦ ᠶᠢ ᠪᠤᠢ ᠪᠣᠯᠭᠠᠨ᠎ᠠ᠃ ᠤᠯᠤᠰ ᠤᠨ

ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠦᠬᠦ ᠣᠷᠣᠨ ᠪᠦᠰᠡ ᠶᠢᠨ

ᠲᠤᠷᠰᠢᠯᠲᠠ ᠶᠢᠨ ᠴᠡᠭ ᠪᠠ ︽ᠭᠡᠷ ᠪᠦᠯᠢ ᠰᠤᠷᠭᠠᠭᠤᠯᠢ ᠨᠡᠶᠢᠭᠡᠮ ᠤᠨ ᠲᠣᠭᠠᠵᠢᠭᠤᠯᠤᠭᠰᠠᠨ ᠰᠤᠷᠤᠯᠴᠠᠯᠭ᠎ᠠ ᠶᠢᠨ

ᠠᠵᠢᠯᠯᠠᠭ᠎ᠠ︾᠎ ᠶᠢ ᠶᠡᠭᠡ ᠪᠠᠷ ᠥᠷᠨᠢᠭᠦᠯᠬᠦ ᠶᠢᠨ ᠬᠠᠮᠲᠤ᠂ ᠰᠢᠯᠢᠳᠡᠭ ᠰᠤᠷᠤᠯᠴᠠᠯᠭ᠎ᠠ ᠶᠢᠨ ᠡᠬᠢ ᠪᠠᠶᠠᠯᠢᠭ ᠪᠠ

ᠰᠤᠷᠤᠯᠴᠠᠯᠭ᠎ᠠ ᠶᠢ ᠳᠡᠮᠵᠢᠬᠦ ᠰᠢᠯᠢᠳᠡᠭ ᠦᠢᠯᠡᠴᠢᠯᠡᠭᠡᠨ ᠤ ᠦᠵᠡᠭᠦᠯᠭᠡ ᠶᠢ ᠬᠠᠩᠭᠠᠪᠠ᠃ ᠰᠤᠷᠤᠯᠴᠠᠬᠤ ᠬᠡᠯᠪᠡᠷᠢ ᠶᠢᠨ

ᠬᠤᠲᠠ᠂ ︽ᠦᠢᠯᠡ ᠠᠵᠢᠯᠯᠠᠭ᠎ᠠ ᠎ ᠪᠠᠷ ᠬᠥᠮᠦᠰ ᠢ ᠣᠨᠴᠠᠭᠠᠢ ᠳᠣᠭᠳᠤᠯᠤᠭᠤᠯᠤᠭᠰᠠᠨ ᠠᠷᠠᠳ ᠣᠯᠠᠨ ᠤ ᠰᠤᠷᠤᠯᠴᠠᠬᠤ

ᠣᠳᠣᠨ︾᠂ ︽ᠣᠶᠤᠨᠴᠢ ᠨᠠᠰᠤᠲᠠᠶᠢᠴᠤᠳ ᠢ ᠬᠠᠪᠰᠤᠷᠬᠤ︾ ᠴᠢᠨᠠᠷᠯᠢᠭ ᠠᠵᠢᠯ ᠤᠨ ᠬᠡᠷᠡᠭ ᠤᠨ ᠵᠢᠱᠢᠶ᠎ᠡ ᠪᠠ

ᠬᠢᠴᠢᠶᠡᠯ ᠤᠨ ᠡᠬᠢ ᠪᠠᠶᠠᠯᠢᠭ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠦᠢᠯᠡᠴᠢᠯᠡᠭᠡ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠨᠡᠷᠡᠲᠦ

ᠲᠡᠮᠳᠡᠭᠲᠦ ᠶᠢᠨ ᠪᠠᠶᠢᠭᠤᠯᠤᠯᠲᠠ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠵᠡᠷᠭᠡ ᠨᠡᠶᠢᠲᠡᠯᠢᠭ

ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠢᠭᠡ ᠨᠠᠰᠤᠨ ᠤ ᠰᠤᠷᠤᠯᠴᠠᠯᠭ᠎ᠠ ᠶᠢᠨ ᠲᠤᠬᠠᠢ

ᠰᠢᠷᠢᠰ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠰᠤᠷᠭᠠᠨ ᠬᠥᠮᠦᠵᠢᠯ ᠤᠨ

ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠪᠠ ᠰᠤᠷᠭᠠᠨ ᠬᠥᠮᠦᠵᠢᠯ ᠎ ᠢᠶᠠᠷ ᠣᠷᠣᠨ ᠢᠶᠠᠨ ᠬᠦᠴᠦᠷᠬᠡᠭᠵᠢᠭᠦᠯᠬᠦ ᠰᠠᠨᠠᠯ ᠢ ᠲᠦᠷᠭᠡᠳᠬᠡᠨ

ᠪᠠᠶᠢᠭᠤᠯᠵᠤ᠂ ᠰᠤᠷᠤᠯᠴᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠪᠠ ᠰᠤᠷᠭᠠᠨ ᠬᠥᠮᠦᠵᠢᠯ ᠤᠨ

ᠲᠣᠭᠠᠵᠢᠭᠤᠯᠤᠭᠰᠠᠨ ᠡᠨᠧᠷᠭᠢ ᠣᠯᠭᠤᠬᠤ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠠᠵᠢᠯ ᠮᠡᠷᠭᠡᠵᠢᠯ ᠤᠨ

ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠬᠠᠮᠵᠢᠯᠴᠠᠨ

ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ ᠤ  ᠨᠢᠭᠡ ᠨᠠᠰᠤᠨ ᠤ ᠰᠤᠷᠭᠠᠨ

ᠬᠥᠮᠦᠵᠢᠯ ᠰᠦᠯᠵᠢᠶ᠎ᠡ ᠵᠡᠷᠭᠡ ᠰᠤᠷᠤᠯᠴᠠᠬᠤ ᠬᠡᠯᠪᠡᠷᠢ ᠶᠢᠨ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠲᠠᠪᠴᠠᠩ

ᠪᠣᠯᠤᠨ ᠲᠣᠭᠠᠨ ᠤ ᠰᠠᠭᠤᠷᠢ ᠶᠢ ᠲᠡᠭᠦᠯᠳᠡᠷᠵᠢᠭᠦᠯᠦᠨ᠂ ᠨᠡᠭᠡᠭᠡᠯᠲᠡ ᠬᠢᠵᠦ ᠬᠠᠮᠲᠤ ᠳᠤ ᠪᠠᠨ ᠬᠤᠪᠢᠶᠠᠯᠴᠠᠨ ᠡᠳ᠋ᠯᠡᠬᠦ

ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠮᠥᠷᠭᠡ ᠶᠢ ᠥᠷᠭᠡᠳᠬᠡᠵᠦ᠂ ᠰᠤᠷᠤᠯᠭ᠎ᠠ ᠶᠢᠨ ᠬᠤᠪᠢ ᠶᠢᠨ

ᠪᠠᠩᠬᠢ ᠶᠢᠨ ᠳᠦᠷᠢᠮ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ

ᠢᠳᠡᠪᠬᠢᠵᠢᠯ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠣᠯᠠᠨ ᠰᠠᠯᠠᠭ᠎ᠠ ᠮᠥᠴᠢᠷ ᠬᠠᠮᠲᠤᠷᠠᠨ ᠥᠪᠡᠷᠲᠡᠭᠡᠨ ᠵᠠᠰᠠᠬᠤ

ᠣᠷᠣᠨ ᠤ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂

ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ

᠎ ᠶᠢᠨ ᠴᠡᠭ ᠤᠨ ᠪᠦᠲᠦᠭᠡᠨ ᠪᠠᠶᠢᠭᠤᠯᠤᠯᠲᠠ ᠎ ᠶᠢ ᠥᠷᠨᠢᠭᠦᠯᠵᠦ᠂ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠡᠬᠢ

ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠤᠨ᠂ ᠴᠢᠨᠠᠷᠯᠢᠭ ᠰᠤᠷᠭᠠᠨ ᠬᠥᠮᠦᠵᠢᠯ ᠤᠨ ᠡᠬᠢ

ᠪᠠᠶᠠᠯᠢᠭ ᠤᠨ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠳᠠᠩᠰᠠᠯᠠᠵᠤ᠂

︽ᠰᠢᠨ᠎ᠡ ᠲᠧᠭᠨᠢᠭ ᠤᠨ ᠤᠬᠠᠭᠠᠨ᠂ ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠠᠨᠠᠭᠠᠬᠤ ᠤᠬᠠᠭᠠᠨ᠂ ᠰᠢᠨ᠎ᠡ

ᠨᠡᠶᠢᠭᠡᠮ ᠤᠨ ᠰᠢᠨᠵᠢᠯᠡᠬᠦ ᠤᠬᠠᠭᠠᠨ︾᠎ ᠤ ᠪᠦᠲᠦᠭᠡᠨ ᠪᠠᠶᠢᠭᠤᠯᠤᠯᠲᠠ᠂ ︽ᠪᠢᠴᠢᠯ ᠲᠤᠰᠬᠠᠢ ᠮᠡᠷᠭᠡᠵᠢᠯ︾ ᠵᠡᠷᠭᠡ ᠶᠢ

ᠨᠠᠰᠤᠵᠢᠯ ᠤᠨ ᠠᠰᠠᠷᠠᠮᠵᠢ ᠎ ᠶᠢᠨ ᠦᠢᠯᠡᠴᠢᠯᠡᠭᠡᠨ ᠤ ᠲᠥᠷᠥᠯ ᠤᠨ ᠲᠤᠰᠬᠠᠢ ᠮᠡᠷᠭᠡᠵᠢᠯ ᠲᠡᠶᠢᠰᠢ ᠬᠡᠯᠪᠠᠶᠢᠯᠭᠡᠵᠦ᠂ ᠶᠡᠭᠡ

ᠳᠡᠭᠡᠳᠦ ᠰᠤᠷᠭᠠᠭᠤᠯᠢ ᠪᠤᠭᠤᠷᠤᠯᠴᠤᠳ ᠤᠨ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠬᠤ ᠠᠵᠢᠯᠯᠠᠭ᠎ᠠ ᠎ ᠶᠢᠨ

ᠲᠥᠯᠥᠪᠯᠡᠭᠡ ᠶᠢ ᠬᠡᠷᠡᠭᠵᠢᠭᠦᠯᠦᠨ᠂ ︽ᠠᠷᠠᠳ ᠣᠯᠠᠨ ᠤ ᠰᠤᠷᠤᠯᠴᠠᠬᠤ ᠣᠳᠣᠨ︾᠂ ︽ᠨᠢᠭᠡ ᠨᠠᠰᠤᠨ ᠤ

ᠰᠤᠷᠤᠯᠴᠠᠯᠭ᠎ᠠ ᠶᠢᠨ ᠨᠡᠷᠡᠲᠦ ᠲᠡᠮᠳᠡᠭᠲᠦ ᠶᠢᠨ ᠲᠥᠷᠦᠯ ᠵᠦᠢᠯ︾᠎ ᠢ ᠰᠣᠩᠭᠤᠨ ᠲᠠᠨᠢᠯᠴᠠᠭᠤᠯᠵᠤ᠂ ᠤᠮᠠᠷᠠᠲᠤ ᠬᠢᠯᠢ ᠶᠢᠨ

ᠨᠢᠭᠡ ᠨᠠᠰᠤᠨ ᠤ ᠰᠤᠷᠤᠯᠴᠠᠯᠭ᠎ᠠ ᠶᠢᠨ ᠨᠡᠷᠡᠲᠦ ᠲᠡᠮᠳᠡᠭᠲᠦ ᠶᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ ᠳᠡᠭᠡᠷ᠎ᠡ᠂ ᠦᠬᠠᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠥᠪᠥᠷ ᠮᠣᠩᠭᠤᠯ ᠤᠨ

ᠨᠡᠭᠡᠭᠡᠯᠲᠡᠲᠦ ᠶᠡᠭᠡ ᠰᠤᠷᠭᠠᠭᠤᠯᠢ᠂ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠵᠠᠯᠠᠨ ᠠᠶᠢᠯ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ᠂ ᠠᠷᠤ ᠬᠤᠷᠴᠢᠨ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠲᠥᠪ᠂ ᠲᠠᠶᠢᠹᠤᠰᠧ ᠬᠤᠰᠢᠭᠤᠨ ᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ

ᠨᠡᠶᠢᠲᠡᠯᠢᠭ ᠶᠠᠷᠢᠶ᠎ᠠ ᠲᠠᠯᠪᠢᠪᠠ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠲᠦᠩᠯᠢᠶᠣᠤ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠢᠨ ᠾᠧ ᠵᠡᠭᠡᠯᠢ ᠭᠤᠳᠤᠮᠵᠢ ᠶᠢᠨ ᠰᠢᠨ ᠲᠢᠶᠠᠨ ᠳ᠋ᠢ ᠨᠡᠶᠢᠭᠡᠮ

ᠲᠣᠭᠤᠷᠢᠭ᠂ ᠣᠪᠣᠭ᠎ᠠ ᠰᠤᠮᠤ ᠶᠢᠨ ᠵᠠᠷᠤᠳ ᠰᠠᠩ ᠭᠠᠴᠠᠭᠠᠨ ᠤ ᠨᠠᠰᠤᠲᠠᠶᠢᠴᠤᠳ ᠤᠨ ᠰᠤᠷᠭᠠᠨ ᠬᠥᠮᠦᠵᠢᠯ ᠤᠨ

ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠡᠭ ᠲᠤ ᠭᠦᠨᠵᠡᠭᠡᠶᠢᠷᠡᠨ ᠲᠣᠭᠤᠷᠢᠨ

ᠦᠵᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号