5 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ | ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠰᠠᠭᠤᠷᠢᠨ ᠭᠠᠵᠠᠷ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠵᠡᠷᠭᠡ ᠶᠢ | ᠭᠦᠢᠴᠡᠳ ᠠᠰᠢᠭᠯᠠᠬᠤ ᠶᠢ ᠳᠡᠮᠵᠢᠵᠦ᠂ ᠠᠭᠤᠰᠤᠯᠴᠠᠬᠤ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ | ᠦᠢᠯᠡᠳᠦᠯᠭᠡ ᠶᠢᠨ ᠵᠢᠭᠠᠨ ᠰᠤᠷᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠰᠤᠷᠤᠭᠴᠢᠳ ᠢ | ᠬᠥᠲᠥᠯᠥᠨ ᠵᠢᠯᠣᠭᠤᠳᠴᠤ ᠰᠣᠶᠣᠯ ᠤᠨ ᠢᠲᠡᠭᠡᠯ ᠢ ᠬᠠᠷᠠᠬᠠᠨ ᠪᠠᠭ᠎ᠠ ᠠᠴᠠ ᠨᠢ ᠪᠣᠢ ᠪᠣᠯᠭᠠᠬᠤ ᠬᠡᠷᠡᠭᠲᠡᠢ᠃ ᠠᠵᠢᠯ | ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ | ᠣᠯᠭᠤᠯᠲᠠ ᠶᠢ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠪᠠᠷᠢᠮᠲᠠᠯᠠᠵᠤ᠂ ᠣᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠳᠠᠯᠳᠠ ᠬᠦᠴᠦᠨ ᠢ ᠢᠯᠡᠷᠡᠭᠦᠯᠦᠨ ᠪᠠᠭᠲᠠᠭᠠᠮᠵᠢ ᠶᠢ ᠥᠷᠭᠡᠳᠬᠡᠵᠦ᠂ ᠠᠵᠢᠯ ᠣᠯᠭᠤᠯᠲᠠ ᠶᠢ | ᠵᠢᠯᠣᠭᠤᠳᠬᠤ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠴᠢᠨᠠᠷᠯᠢᠭ ᠭᠦᠢᠴᠡᠳ ᠠᠵᠢᠯ ᠣᠯᠭᠤᠯᠲᠠ ᠶᠢ | ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠵᠤ ᠪᠠᠶᠢᠴᠠᠭᠠᠵᠤ | ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ | ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠰᠠᠭᠤᠳᠠᠯ ᠲᠠᠢ ᠬᠠᠷᠢᠴᠠᠭᠤᠯᠤᠨ ᠠᠰᠠᠭᠤᠳᠠᠯ ᠤᠨ ᠨᠠᠷᠢᠨ ᠳᠠᠩᠰᠠ᠂ ᠠᠷᠭ᠎ᠠ | ᠬᠡᠮᠵᠢᠶ᠎ᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠷᠢᠯᠳᠦᠭᠦᠯᠵᠦ᠂ ᠰᠤᠷᠤᠯᠴᠠᠯᠭ᠎ᠠ | ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠥᠪᠥᠷ | ᠮᠣᠩᠭᠤᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ᠪᠠ ᠰᠤᠷᠭᠠᠨ | ᠬᠥᠮᠦᠵᠢᠯ ᠤᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠬᠤ ᠰᠠᠨᠠᠯ ᠲᠠᠢ ᠨᠢᠭᠲᠠ ᠤᠶᠠᠯᠳᠤᠭᠤᠯᠵᠤ᠂ | ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠨ᠂ ᠪᠦᠬᠦ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠶᠢᠨ ᠪᠠᠷᠠᠯᠠᠯᠲᠤ | ᠪᠠᠶᠢᠷᠢᠰᠢᠭᠤᠯᠤᠯᠲᠠ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠴᠢᠩᠭᠠᠳᠬᠠᠵᠤ᠂ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠳᠦᠷᠢᠮ︾ ᠢ ᠤᠯᠠᠮᠵᠢᠯᠠᠨ ᠰᠤᠷᠤᠯᠴᠠᠪᠠ᠃ ᠪᠠᠶᠢᠭᠤᠯᠭ᠎ᠠ ᠶᠢᠨ ᠳᠣᠲᠣᠭᠠᠳᠤ ᠳᠠᠬᠢ | ᠡᠵᠡᠮᠳᠡᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠯᠪᠠᠨ ᠶᠠᠪᠤᠳᠠᠯ ᠢᠶᠠᠷ ᠵᠣᠴᠢᠯᠠᠬᠤ᠂ ᠠᠯᠪᠠᠨ ᠶᠠᠪᠤᠳᠠᠯ ᠳᠤ | ᠲᠡᠷᠭᠡ ᠬᠡᠷᠡᠭᠯᠡᠬᠦ᠂ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ᠂ ᠬᠤᠷᠠᠯ ᠤᠨ ᠪᠣᠯᠪᠠᠰᠤᠷᠠᠯ ᠵᠡᠷᠭᠡ ᠵᠠᠷᠤᠳᠠᠯ ᠤᠨ | ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶ᠎ᠠ ᠠᠴᠠ ᠬᠡᠲᠦᠷᠡᠬᠦ᠂ ᠬᠡᠪᠴᠢᠶ᠎ᠡ ᠠᠴᠠ ᠬᠡᠲᠦᠷᠡᠬᠦ᠂ ᠬᠡᠯᠪᠡᠷᠢ ᠶᠢ ᠨᠢ | ᠦᠭᠡᠷᠡᠳᠡᠬᠦᠯᠦᠨ ᠰᠦᠢᠳᠬᠡᠯ ᠢ ᠰᠢᠯᠵᠢᠭᠦᠯᠬᠦ ᠵᠡᠷᠭᠡ ᠠᠰᠠᠭᠤᠳᠠᠯ ᠢ ᠴᠢᠩᠭ᠎ᠠ ᠴᠠᠭᠠᠵᠠᠯᠠᠬᠤ ᠬᠡᠷᠡᠭᠲᠡᠢ᠃ ᠬᠤᠷᠠᠯ ᠤᠨ | ᠠᠵᠢᠯᠯᠠᠭ᠎ᠠ᠂ ᠪᠠᠶᠢᠴᠠᠭᠠᠵᠤ ᠰᠤᠳᠤᠯᠵᠤ ᠪᠣᠯᠪᠠᠰᠤᠷᠠᠭᠤᠯᠬᠤ ᠵᠡᠷᠭᠡ ᠲᠥᠯᠥᠪᠯᠡᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠠᠵᠢᠯ ᠤᠨ ᠨᠢᠭᠡᠳᠦᠯᠲᠡᠢ ᠲᠥᠯᠥᠪᠵᠢᠭᠦᠯᠭᠡ ᠶᠢ ᠰᠠᠶᠢᠲᠤᠷ ᠬᠢᠵᠦ᠂ ᠱᠠᠲᠤ ᠱᠠᠲᠤ ᠪᠠᠷ ᠪᠠᠷ᠎ᠠ | ᠪᠣᠯᠬᠤ᠂ ᠳᠤᠷ᠎ᠠ ᠪᠠᠷ ᠢᠶᠠᠨ ᠫᠠᠶᠢᠰᠠ ᠣᠯᠭᠤᠬᠤ᠂ ᠬᠠᠮᠢᠶ᠎ᠠ ᠦᠭᠡᠢ ᠲᠡᠰᠬᠡᠨ ᠲᠠᠲᠠᠪᠤᠷᠢᠯᠠᠬᠤ ᠵᠡᠷᠭᠡ ᠦᠨᠳᠦᠰᠦᠨ | ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠠᠰᠠᠭᠤᠳᠠᠯ ᠠᠴᠠ ᠵᠠᠶᠢᠯᠠᠰᠬᠢᠬᠤ ᠬᠡᠷᠡᠭᠲᠡᠢ᠃ ᠠᠷᠪᠢᠯᠠᠨ ᠭᠠᠮᠨᠠᠬᠤ | ᠬᠡᠯᠪᠡᠷᠢ ᠶᠢᠨ ᠪᠠᠶᠢᠭᠤᠯᠭ᠎ᠠ ᠶᠢ ᠴᠢᠷᠮᠠᠶᠢᠨ ᠪᠠᠶᠢᠭᠤᠯᠵᠤ᠂ ᠠᠯᠪᠠᠨ ᠭᠡᠷ ᠢ ᠬᠡᠷᠡᠭᠯᠡᠬᠦ᠂ ᠬᠤᠭᠤᠯᠠᠨ ᠭᠡᠷ ᠲᠤ | ᠬᠤᠭᠤᠯᠠᠯᠠᠬᠤ ᠵᠡᠷᠭᠡ ᠡᠬᠢ ᠪᠠᠶᠠᠯᠢᠭ ᠢ ᠠᠷᠪᠢᠯᠠᠨ ᠭᠠᠮᠨᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠷᠪᠢᠯᠠᠨ ᠭᠠᠮᠨᠠᠬᠤ ᠣᠶᠢᠯᠠᠭᠠᠭᠳᠠᠬᠤᠨ ᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠣᠳᠤᠯᠬᠤ | ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠦᠨ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠪᠡᠯᠡᠳᠬᠡᠯ ᠠᠵᠢᠯ ᠤᠨ ᠲᠤᠯᠭᠠᠮ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ | ᠴᠢᠩᠭᠠᠳᠬᠠᠵᠤ᠂ ᠠᠵᠢᠯ ᠤᠨ ᠬᠠᠮ ᠬᠦᠴᠦᠨ ᠢᠶᠠᠨ ᠨᠢᠭᠲᠠᠷᠠᠭᠤᠯᠤᠨ᠂ ᠰᠢᠯᠭᠠᠭᠤᠯᠤᠭᠴᠢ ᠳᠤ ᠦᠢᠯᠡᠴᠢᠯᠡᠬᠦ ᠶᠢ | ᠨᠠᠷᠢᠨ ᠨᠢᠮᠪᠠᠢ ᠰᠠᠶᠢᠲᠤᠷ ᠬᠢᠵᠦ᠂ ︽ᠠᠮᠤᠷ ᠲᠦᠪᠰᠢᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ ᠶᠢᠨ ᠬᠠᠷᠠᠯᠲᠠ ᠶᠢ ᠪᠦᠬᠦ ᠬᠦᠴᠦᠨ ᠢᠶᠠᠷ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |