ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠺᠠᠳ᠋ᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠳᠣᠰᠬᠠᠢ ᠰᠡᠳᠦᠪᠲᠦ ᠰᠤᠳᠤᠯᠤᠨ ᠰᠤᠷᠤᠯᠴᠠᠬᠤ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2025/5/22
     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠡᠷᠬᠢᠯᠡᠭᠰᠡᠳ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠺᠠᠳ᠋ᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ ᠠᠩᠭᠢ︾ ᠤᠯᠠᠭᠠᠨᠴᠠᠪ ᠬᠤᠲᠠ ᠶᠢᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃   

W020250521415093744680_ORIGIN.jpg

      ᠡᠨᠡ ᠤᠳᠠᠭᠠᠨ ᠤ ᠰᠤᠳᠤᠯᠤᠨ ᠰᠤᠷᠤᠯᠴᠠᠬᠤ ᠠᠩᠭᠢ ᠪᠣᠯ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ

ᠦᠵᠡᠯ ᠰᠠᠨᠠᠭ᠎ᠠ ᠪᠠ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ

ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠰᠢᠨ᠎ᠡ ᠴᠠᠭ ᠦᠶ᠎ᠡ ᠶᠢᠨ

ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠰᠤᠷᠤᠭᠴᠢᠳ ᠤᠨ ᠴᠡᠷᠢᠭ ᠤᠨ

ᠶᠠᠪᠤᠳᠠᠯ ᠤᠨ ᠪᠣᠯᠪᠠᠰᠤᠷᠠᠯ ᠤᠨ ᠠᠵᠢᠯ ᠢ ᠪᠠᠶᠢᠷᠢᠯᠠᠭᠤᠯᠬᠤ ᠴᠢᠬᠤᠯᠠ ᠠᠴᠢᠶᠠᠯᠠᠪᠤᠷᠢ ᠮᠥᠨ᠃ ᠥᠪᠡᠷᠲᠡᠭᠡᠨ ᠵᠠᠰᠠᠬᠤ

ᠣᠷᠣᠨ  ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠬᠠᠷᠢᠭᠤᠴᠠᠯᠭᠠᠲᠠᠨ ᠠᠴᠠ ᠪᠦᠬᠦ ᠰᠤᠷᠤᠯᠭᠠᠲᠠᠨ ᠢ

ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠬᠥᠮᠦᠵᠢᠯ ᠪᠣᠯᠤᠨ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠵᠢᠯ ᠢ ᠵᠥᠪ ᠴᠢᠭᠯᠡᠯ ᠢᠶᠠᠷ

ᠪᠠᠲᠤ ᠡᠵᠡᠮᠳᠡᠬᠦ ᠬᠡᠷᠡᠭᠲᠡᠢ︔ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠶᠢᠨ

ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠥᠷᠨᠢᠭᠦᠯᠬᠦ ᠲᠤᠬᠠᠶᠢᠯᠠᠭᠰᠠᠨ ᠠᠵᠢᠯ ᠤᠨ ᠬᠢᠷᠢ

ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠪᠡᠶ᠎ᠡ ᠪᠠᠨ

ᠴᠢᠩᠭ᠎ᠠ ᠱᠠᠭᠠᠷᠳᠠᠵᠤ ᠨᠡᠶᠢᠲᠡ ᠶᠢᠨ ᠲᠥᠯᠥᠭᠡ ᠵᠢᠳᠬᠦᠬᠦ ᠶᠢ ᠢᠮᠠᠭᠲᠠ ᠲᠤᠭᠤᠰᠢᠯᠠᠭᠤᠯᠵᠤ᠂ ᠲᠤᠷᠰᠢᠯᠭ᠎ᠠ ᠪᠠᠨ

ᠢᠳᠡᠪᠬᠢᠲᠡᠢ ᠰᠣᠯᠢᠯᠴᠠᠵᠤ᠂ ᠡᠯ᠎ᠡ ᠵᠦᠢᠯ ᠤᠨ ᠳᠦᠷᠢᠮ ᠢ ᠴᠢᠩᠭ᠎ᠠ ᠰᠠᠬᠢᠨ᠂ ᠰᠤᠷᠤᠯᠴᠠᠯᠭ᠎ᠠ ᠠᠮᠵᠢᠯᠲᠠ ᠣᠯᠬᠤ ᠶᠢ

ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠰᠤᠳᠤᠯᠤᠨ ᠰᠤᠷᠤᠯᠴᠠᠬᠤ ᠠᠩᠭᠢ 4 ᠡᠳᠦᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ

ᠮᠣᠩᠭᠤᠯ ᠤᠨ ᠴᠡᠷᠢᠭ ᠤᠨ ᠲᠣᠭᠤᠷᠢᠭ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ

ᠬᠤᠯᠪᠣᠭᠳᠠᠯ ᠪᠦᠬᠦᠢ ᠤᠳᠤᠷᠢᠳᠤᠯᠭ᠎ᠠ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠶᠡᠭᠡ ᠳᠡᠭᠡᠳᠦ ᠰᠤᠷᠭᠠᠭᠤᠯᠢ ᠶᠢᠨ ᠠᠵᠢᠯᠴᠢᠨ ᠤ

ᠭᠠᠵᠠᠷ ᠤᠨ ᠳᠠᠷᠤᠭ᠎ᠠ᠂ ᠡᠯ᠎ᠡ ᠭᠠᠵᠠᠷ ᠤᠨ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ

ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ 120 ᠭᠠᠷᠤᠢ ᠬᠥᠮᠦᠨ᠂ ᠲᠤᠰᠬᠠᠢ ᠰᠡᠳᠦᠪᠲᠦ ᠮᠡᠳᠡᠭᠦᠯᠦᠯᠲᠡ

ᠬᠢᠬᠦ᠂ ᠰᠣᠯᠢᠯᠴᠠᠵᠤ ᠰᠤᠳᠤᠯᠤᠨ ᠶᠠᠷᠢᠯᠴᠠᠬᠤ᠂ ᠦᠢᠯᠡᠳᠦᠯᠴᠡᠵᠦ ᠵᠢᠭᠠᠨ ᠰᠤᠷᠭᠠᠬᠤ᠂ ᠠᠬᠤᠢ ᠲᠠᠯᠠᠪᠠᠢ ᠳᠤ

ᠬᠢᠴᠢᠶᠡᠯᠯᠡᠬᠦ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ ᠰᠤᠳᠤᠯᠤᠨ ᠰᠤᠷᠤᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号