5 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠪᠤᠳᠤᠭᠠᠷ | ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ | ᠤᠷᠤᠯᠳᠤᠭᠠᠨ ᠵᠢᠴᠢ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠪᠠᠭᠰᠢ | ᠨᠠᠷ ᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ | ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠤ ᠥᠨᠳᠦᠷᠯᠡᠬᠦ ᠶᠣᠰᠣᠯᠠᠯ ᠢ ᠤᠯᠠᠭᠠᠨᠬᠠᠳᠠ ᠳᠡᠭᠡᠳᠦ | ᠰᠤᠷᠭᠠᠭᠤᠯᠢ ᠳᠤ ᠶᠠᠪᠤᠭᠳᠠᠭᠤᠯᠪᠠ᠃ | ᠡᠨᠡ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠠᠴᠠ | ᠭᠤᠣᠯᠯᠠᠨ ᠡᠷᠬᠢᠯᠡᠵᠦ᠂ ᠤᠯᠠᠭᠠᠨᠬᠠᠳᠠ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠪᠡ᠂ ᠬᠤᠶᠠᠷ ᠡᠳᠦᠷ ᠤᠨ ᠴᠠᠭ | ᠵᠠᠷᠤᠴᠠᠭᠤᠯᠵᠤ᠂ ᠰᠦᠯᠵᠢᠶᠡᠨ ᠳᠤ ᠬᠢᠨᠠᠨ ᠲᠣᠭᠲᠠᠭᠠᠬᠤ ᠪᠠ ᠠᠬᠤᠢ ᠲᠠᠯᠠᠪᠠᠢ ᠳᠤ ᠬᠠᠷᠢᠭᠤ ᠮᠡᠳᠡᠭᠦᠯᠬᠦ ᠬᠤᠶᠠᠷ | ᠱᠠᠲᠤ ᠬᠤᠪᠢᠶᠠᠵᠤ᠂ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ ᠶᠢᠨ ᠳᠤᠭᠤᠶᠢᠯᠠᠩ᠂ ᠳᠡᠭᠡᠳᠦ ᠵᠡᠷᠭᠡ ᠶᠢᠨ | ᠳᠡᠳ᠋ ᠮᠡᠷᠭᠡᠵᠢᠯ ᠤᠨ ᠴᠤᠯᠠ ᠶᠢᠨ ᠳᠤᠭᠤᠶᠢᠯᠠᠩ᠂ ᠳᠤᠮᠳᠠ ᠵᠡᠷᠭᠡ ᠵᠢᠴᠢ ᠲᠡᠭᠦᠨ ᠠᠴᠠ ᠳᠣᠷᠣᠭᠰᠢᠬᠢ ᠮᠡᠷᠭᠡᠵᠢᠯ ᠤᠨ | ᠴᠤᠯᠠ ᠶᠢᠨ ᠳᠤᠭᠤᠶᠢᠯᠠᠩ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠳᠤᠭᠤᠶᠢᠯᠠᠩ᠂ ᠠᠵᠤ | ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠳᠤᠭᠤᠶᠢᠯᠠᠩ ᠭᠡᠵᠦ ᠲᠤᠰ ᠲᠤᠰ ᠲᠠᠪᠤᠨ ᠳᠤᠭᠤᠶᠢᠯᠠᠩ | ᠬᠤᠪᠢᠶᠠᠨ ᠶᠠᠪᠤᠭᠳᠠᠭᠤᠯᠵᠤ᠂ ᠪᠦᠬᠦ ᠣᠷᠣᠨ ᠤ 20 ᠵᠢᠩᠬᠢᠨᠢ ᠠᠩᠭᠢᠲᠤ ᠳᠡᠭᠡᠳᠦ ᠰᠤᠷᠭᠠᠭᠤᠯᠢ ᠠᠴᠠ ᠢᠷᠡᠭᠰᠡᠨ | 107 ᠳᠤᠭᠤᠶᠢᠯᠠᠩ ᠤᠨ ᠪᠠᠭᠰᠢ ᠤᠷᠤᠯᠳᠤᠭᠠᠨ ᠳᠤ ᠣᠷᠣᠯᠴᠠᠵᠠᠢ᠃ ᠤᠷᠤᠯᠳᠤᠭᠠᠨ ᠳᠤ ᠣᠨᠴᠠ ᠳᠡᠰ ᠤᠨ ᠱᠠᠩᠨᠠᠯ | 10᠂ ᠨᠢᠭᠡᠳᠦᠭᠡᠷ ᠳᠡᠰ ᠤᠨ ᠱᠠᠩᠨᠠᠯ 40᠂ ᠬᠤᠶᠠᠳᠤᠭᠠᠷ ᠳᠡᠰ ᠤᠨ ᠱᠠᠩᠨᠠᠯ 57᠂ ᠰᠢᠯᠢᠳᠡᠭ ᠵᠣᠬᠢᠶᠠᠨ | ᠪᠠᠶᠢᠭᠤᠯᠤᠭᠰᠠᠨ ᠱᠠᠩᠨᠠᠯ 6᠂ ᠣᠨᠴᠠ ᠳᠡᠰ ᠤᠨ ᠱᠠᠩᠨᠠᠯ ᠬᠦᠷᠲᠡᠭᠰᠡᠨ 10 ᠪᠠᠭᠰᠢ ᠶᠢᠨ ᠪᠦᠯᠬᠦᠮ ᠥᠪᠡᠷᠲᠡᠭᠡᠨ | ᠵᠠᠰᠠᠬᠤ ᠣᠷᠣᠨ ᠢ ᠲᠥᠯᠥᠭᠡᠯᠡᠨ 10 ᠰᠠᠷ᠎ᠠ ᠳᠤ ᠪᠡᠭᠡᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ | ᠰᠤᠷᠭᠠᠭᠤᠯᠢ ᠳᠤ ᠶᠠᠪᠤᠭᠳᠠᠬᠤ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ | ᠪᠠᠭᠰᠢ ᠶᠢᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠤᠷᠤᠯᠳᠤᠭᠠᠨ ᠳᠤ ᠣᠷᠣᠯᠴᠠᠬᠤ ᠪᠣᠯᠤᠨ᠎ᠠ᠃ | | | | | | ᠤᠷᠤᠯᠳᠤᠭᠠᠨ ᠨᠢ ︽ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ ᠲᠡᠷᠢᠭᠦᠨ ᠤ | ᠴᠢᠳᠠᠪᠤᠷᠢᠲᠠᠨ ᠢ ᠬᠥᠮᠦᠵᠢᠭᠦᠯᠬᠦ︾ ᠪᠠᠷ ᠭᠤᠣᠯ ᠰᠡᠳᠦᠪ ᠪᠣᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠵᠣᠷᠢᠯᠲᠠ ᠲᠠᠢ ᠨᠢᠭᠲᠠ ᠤᠶᠠᠯᠳᠤᠭᠤᠯᠤᠨ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠲᠧᠭᠨᠢᠭ ᠤᠨ | ᠤᠬᠠᠭᠠᠨ᠂ ᠰᠢᠨ᠎ᠡ ᠠᠨᠠᠭᠠᠬᠤ ᠤᠬᠠᠭᠠᠨ᠂ ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦ | ᠤᠬᠠᠭᠠᠨ ᠤ ᠪᠦᠲᠦᠭᠡᠨ ᠪᠠᠶᠢᠭᠤᠯᠤᠯᠲᠠ ᠳᠤ ᠪᠦᠲᠦᠮᠵᠢᠲᠡᠢ ᠬᠦᠴᠦᠨ ᠨᠡᠮᠡᠷᠢᠯᠡᠵᠦ᠂ ᠬᠢᠴᠢᠶᠡᠯ ᠤᠨ ᠦᠵᠡᠯ ᠰᠠᠨᠠᠭ᠎ᠠ | ᠤᠯᠤᠰ ᠲᠥᠷᠥ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠶᠡᠭᠡ ᠳᠡᠭᠡᠳᠦ | ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠪᠠ ᠰᠣᠯᠢᠯᠴᠠᠬᠤ ᠬᠡᠪ ᠳᠠᠭᠤᠷᠢᠶᠠᠯ ᠢ | ᠨᠠᠷᠢᠨ ᠨᠢᠮᠪᠠᠢ ᠪᠣᠢ ᠪᠣᠯᠭᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠶᠡᠭᠡ ᠳᠡᠭᠡᠳᠦ ᠰᠤᠷᠭᠠᠭᠤᠯᠢ ᠶᠢᠨ ᠬᠤᠪᠢᠳᠠᠨ ᠬᠠᠮᠢᠶᠠᠷᠬᠤ | ᠬᠠᠷᠢᠭᠤᠴᠠᠯᠭᠠᠲᠠᠨ ᠥᠨᠳᠦᠷᠯᠡᠬᠦ ᠶᠣᠰᠣᠯᠠᠯ ᠳᠤ ᠣᠷᠣᠯᠴᠠᠵᠠᠢ︔ ᠡᠯ᠎ᠡ ᠰᠤᠷᠭᠠᠭᠤᠯᠢ ᠶᠢᠨ ᠳᠠᠭᠠᠭᠤᠯᠤᠭᠴᠢ ᠪᠠ | ᠤᠷᠤᠯᠳᠤᠭᠠᠨ ᠳᠤ ᠣᠷᠣᠯᠴᠠᠭᠰᠠᠨ ᠪᠠᠭᠰᠢ᠂ ᠤᠷᠤᠯᠳᠤᠭᠠᠨ ᠢ ᠵᠣᠬᠢᠶᠠᠨ ᠪᠠᠶᠢᠭᠤᠯᠬᠤ ᠺᠣᠮᠢᠰ᠂ ᠲᠤᠰᠬᠠᠢ | ᠮᠡᠷᠭᠡᠵᠢᠯᠲᠡᠨ ᠤ ᠵᠥᠪᠯᠡᠯ᠂ ᠰᠠᠬᠢᠯᠭ᠎ᠠ ᠪᠠᠲᠤ ᠪᠠ ᠬᠢᠨᠠᠯᠲᠠ ᠲᠠᠯᠪᠢᠬᠤ ᠵᠥᠪᠯᠡᠯ ᠵᠢᠴᠢ ᠬᠥᠨᠳᠡᠯᠡᠨ ᠠᠴᠠ ᠲᠠᠰᠤᠯᠬᠤ | ᠵᠥᠪᠯᠡᠯ ᠤᠨ ᠲᠥᠯᠥᠭᠡᠯᠡᠭᠴᠢ᠂ ᠲᠣᠭᠤᠷᠢᠨ ᠦᠵᠡᠭᠰᠡᠨ ᠬᠦᠨᠳᠦᠲᠦ ᠵᠣᠴᠢᠳ ᠵᠡᠷᠭᠡ 200 ᠭᠠᠷᠤᠢ ᠬᠥᠮᠦᠨ | ᠥᠨᠳᠦᠷᠯᠡᠬᠦ ᠶᠣᠰᠣᠯᠠᠯ ᠳᠤ ᠣᠷᠣᠯᠴᠠᠪᠠ᠃ | | | |