ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠣᠷᠳᠣᠰ | ᠬᠤᠲᠠ ᠳᠤ ᠶᠠᠪᠤᠭᠳᠠᠭᠤᠯᠪᠠ᠃ ᠡᠨᠡ ᠤᠳᠠᠭᠠᠨ ᠤ ᠠᠵᠢᠯᠯᠠᠭ᠎ᠠ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠠᠶᠢᠮᠠᠭ ᠬᠤᠲᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ | ᠠᠰᠠᠷᠠᠨ ᠬᠥᠮᠦᠵᠢᠭᠦᠯᠬᠦ ᠣᠨᠣᠯᠵᠢᠬᠤᠨ ᠢ ᠶᠡᠭᠡ ᠪᠠᠷ ᠳᠡᠯᠭᠡᠷᠡᠭᠦᠯᠵᠦ᠂ ᠪᠦᠬᠦ ᠣᠷᠣᠨ ᠤ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠴᠢᠨᠠᠷᠯᠢᠭ ᠬᠥᠭᠵᠢᠯᠲᠡ ᠶᠢᠨ ᠰᠢᠨ᠎ᠡ ᠱᠠᠲᠤᠨ ᠳᠤ | ᠣᠷᠣᠬᠤ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ | ᠪᠠᠶᠢᠴᠠᠭᠠᠭᠴᠢ ᠵᠦ ᠪᠦᠦ ᠵᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | | | | | | ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ᠂ ᠳᠤᠮᠳᠠᠳᠤ ᠤᠯᠤᠰ ᠤᠨ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠴᠤᠤ ᠾᠦᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢᠨ | ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ᠂ ᠲᠤᠰ ᠬᠠᠤᠯᠢ ᠶᠢ ᠬᠠᠤᠯᠢ ᠲᠣᠭᠲᠠᠭᠠᠭᠰᠠᠨ ᠠᠬᠤᠢ | ᠪᠠᠶᠢᠳᠠᠯ᠂ ᠭᠤᠣᠯ ᠠᠭᠤᠯᠭ᠎ᠠ ᠵᠢᠴᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠵᠢᠯᠣᠭᠤᠳᠬᠤ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠪᠠ᠃ | ᠲᠤᠷᠰᠢᠯᠭ᠎ᠠ ᠰᠣᠯᠢᠯᠴᠠᠬᠤ ᠠᠵᠢᠯᠯᠠᠭ᠎ᠠ ᠳᠤ᠂ ᠪᠦᠬᠦ ᠣᠷᠣᠨ ᠤ 12 ᠠᠶᠢᠮᠠᠭ ᠬᠤᠲᠠ ᠶᠢᠨ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠯᠥᠭᠡᠯᠡᠭᠴᠢ ᠳᠡᠰ ᠳᠠᠷᠠᠭᠠᠯᠠᠨ ᠶᠠᠷᠢᠶ᠎ᠠ ᠲᠠᠯᠪᠢᠵᠤ᠂ ᠲᠡᠳᠡ ᠲᠤᠰ | ᠲᠤᠰ ᠤᠨ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠠᠬᠢ ᠡᠷᠬᠢᠮ ᠨᠠᠨᠳᠢᠨ ᠲᠤᠷᠰᠢᠯᠭ᠎ᠠ ᠪᠠ ᠲᠤᠪᠤᠶᠢᠮ᠎ᠠ | ᠠᠮᠵᠢᠯᠲᠠ ᠢ ᠬᠤᠪᠢᠶᠠᠯᠴᠠᠪᠠ᠃ ᠶᠠᠷᠢᠶᠠᠨ ᠤ ᠠᠭᠤᠯᠭ᠎ᠠ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠬᠠᠮᠢᠶᠠᠷᠤᠯᠲᠠ᠂ ᠠᠰᠠᠷᠠᠨ ᠬᠥᠮᠦᠵᠢᠭᠦᠯᠬᠦ ᠪᠠ ᠠᠮᠤᠷ ᠲᠦᠪᠰᠢᠨ᠂ ᠲᠣᠭᠯᠠᠭᠠᠮ ᠤᠨ ᠥᠭᠡᠷᠡᠴᠢᠯᠡᠯᠲᠡ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠣᠷᠴᠢᠨ ᠲᠣᠭᠤᠷᠢᠨ ᠤ ᠴᠣᠭᠴᠠᠯᠠᠯᠲᠠ᠂ ᠬᠡᠦᠬᠡᠳ ᠤᠨ ᠴᠡᠴᠡᠷᠯᠢᠭ ᠭᠡᠷ | ᠪᠦᠯᠢ ᠬᠠᠮᠵᠢᠯᠴᠠᠨ ᠬᠥᠮᠦᠨ ᠬᠥᠮᠦᠵᠢᠭᠦᠯᠬᠦ ᠵᠡᠷᠭᠡ ᠣᠯᠠᠨ ᠲᠠᠯ᠎ᠠ ᠶᠢ ᠬᠠᠮᠤᠷᠪᠠ᠃ ᠳᠠᠷᠠᠭ᠎ᠠ ᠨᠢ᠂ ᠬᠤᠷᠠᠯ ᠳᠤ | ᠣᠷᠣᠯᠴᠠᠭᠰᠠᠳ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ᠶᠢ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠴᠢᠷᠮᠠᠶᠢᠨ ᠪᠠᠶᠢᠭᠤᠯᠬᠤ︾ ᠡᠨᠡ ᠬᠦ ᠭᠤᠣᠯ | ᠰᠡᠳᠦᠪ ᠤᠨ ᠲᠣᠭᠤᠷᠢᠨ ᠳᠤ ᠢᠳᠡᠪᠬᠢᠲᠡᠢ ᠶᠠᠷᠢᠯᠴᠠᠵᠤ᠂ ᠦᠵᠡᠯ ᠰᠠᠨᠠᠭ᠎ᠠ ᠪᠠᠨ ᠰᠣᠯᠢᠯᠴᠠᠨ᠂ ᠲᠤᠷᠰᠢᠯᠭ᠎ᠠ ᠪᠠᠨ | ᠬᠤᠪᠢᠶᠠᠯᠴᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ | ᠰᠡᠳᠬᠢᠮᠵᠢ᠂ ᠰᠢᠨ᠎ᠡ ᠠᠷᠭ᠎ᠠ ᠶᠢ ᠬᠠᠮᠲᠤ ᠳᠤ ᠪᠠᠨ ᠰᠤᠳᠤᠯᠤᠨ ᠶᠠᠷᠢᠯᠴᠠᠪᠠ᠃ ᠰᠤᠳᠤᠯᠤᠨ ᠶᠠᠷᠢᠯᠴᠠᠬᠤ ᠪᠠᠷ | ᠳᠠᠮᠵᠢᠭᠤᠯᠤᠨ᠂ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠳᠠᠷᠠᠭ᠎ᠠ ᠠᠯᠬᠤᠮ ᠤᠨ | ᠠᠵᠢᠯ ᠤᠨ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠵᠤ᠂ ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ᠳᠠᠷᠠᠭ᠎ᠠ ᠡᠳᠦᠷ ᠨᠢ᠂ ᠬᠤᠷᠠᠯ ᠳᠤ ᠣᠷᠣᠯᠴᠠᠭᠰᠠᠳ 4 ᠳᠤᠭᠤᠶᠢᠯᠠᠩ ᠬᠤᠪᠢᠶᠠᠵᠤ᠂ ᠬᠢᠶ᠎ᠠ ᠪᠠᠭᠰᠢ | ᠲᠣᠭᠤᠷᠢᠭ᠂ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤᠨ ᠤ 6 ᠬᠡᠦᠬᠡᠳ ᠤᠨ ᠴᠡᠴᠡᠷᠯᠢᠭ ᠲᠤ | ᠭᠦᠨᠵᠡᠭᠡᠶᠢᠷᠡᠨ ᠠᠬᠤᠢ ᠲᠠᠯᠠᠪᠠᠢ ᠳᠤ ᠲᠣᠭᠤᠷᠢᠨ ᠦᠵᠡᠪᠡ᠃ ᠲᠡᠳᠡ ᠬᠡᠦᠬᠡᠳ ᠤᠨ ᠴᠡᠴᠡᠷᠯᠢᠭ ᠤᠨ ᠳᠠᠷᠤᠭ᠎ᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠩᠭᠢ ᠲᠠᠭᠠᠨ ᠬᠡᠦᠬᠡᠳ ᠤᠨ | ᠴᠡᠴᠡᠷᠯᠢᠭ ᠤᠨ ᠣᠷᠴᠢᠨ ᠲᠣᠭᠤᠷᠢᠨ ᠤ ᠮᠠᠲ᠋ᠧᠷᠢᠶᠠᠯ ᠢ ᠦᠵᠡᠨ᠂ ᠬᠡᠦᠬᠡᠳ ᠤᠨ ᠪᠡᠶ᠎ᠡ ᠪᠠᠨ ᠳᠠᠭᠠᠭᠠᠬᠤ ᠴᠢᠳᠠᠪᠤᠷᠢ | ᠪᠣᠯᠤᠨ ᠲᠣᠭᠯᠠᠭᠠᠮ ᠤᠨ ᠪᠠᠶᠢᠳᠠᠯ ᠢ ᠨᠠᠷᠢᠨ ᠨᠢᠮᠪᠠᠢ ᠠᠵᠢᠭᠯᠠᠵᠤ᠂ ᠡᠯ᠎ᠡ ᠬᠡᠦᠬᠡᠳ ᠤᠨ ᠴᠡᠴᠡᠷᠯᠢᠭ ᠤᠨ ᠰᠤᠷᠭᠠᠭᠤᠯᠢ | ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠳᠦᠯᠭᠡ ᠶᠢᠨ ᠶᠠᠪᠤᠴᠠ ᠳᠠᠬᠢ ᠣᠨᠴᠠᠯᠢᠭᠲᠤ ᠠᠷᠭ᠎ᠠ | ᠪᠠᠷᠢᠯ ᠪᠣᠯᠤᠨ ᠲᠡᠷᠢᠭᠦᠨ ᠤ ᠲᠤᠷᠰᠢᠯᠭ᠎ᠠ ᠶᠢ ᠪᠡᠶᠡᠴᠢᠯᠡᠨ ᠣᠶᠢᠯᠠᠭᠠᠪᠠ᠃ | ᠳᠠᠷᠠᠭ᠎ᠠ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ | ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2024 - 2035 ᠣᠨ︶︾ ᠶᠢ | ᠬᠡᠷᠡᠭᠵᠢᠭᠦᠯᠬᠦ ᠯᠦᠭᠡ ᠨᠢᠭᠲᠠ ᠤᠶᠠᠯᠳᠤᠭᠤᠯᠵᠤ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠤᠨ | ᠦᠨᠳᠦᠰᠦᠨ ᠴᠢᠭᠯᠡᠯ ᠢ ᠪᠠᠲᠤ ᠡᠵᠡᠮᠳᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠳᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭᠠᠨ ᠤ | ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ | ᠬᠥᠮᠦᠵᠢᠭᠦᠯᠬᠦ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠬᠦ ᠣᠷᠣᠨ ᠤ ᠬᠡᠦᠬᠡᠳ ᠲᠤ ᠨᠡᠩ | ᠴᠢᠨᠠᠷᠯᠢᠭ᠂ ᠲᠥᠪ ᠭᠤᠣᠯᠴᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠴᠢᠯᠡᠭᠡ ᠶᠢ | ᠬᠠᠩᠭᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ︕ | | | |