ᠳ᠋ᠦ᠋ ᠬᠤᠢ ᠯᠢᠶᠠᠩ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2025/5/26
      5 ᠳ᠋ᠤᠭᠠᠷ ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠨᠠᠷ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠎ ᠳᠤ ᠭᠦᠨᠵᠡᠭᠡᠶᠢᠷᠡᠨ ᠪᠠᠶᠢᠴᠠᠭᠠᠨ ᠰᠣᠳᠤᠯᠵᠤ᠂ ᠤᠯᠤᠰ ᠤᠨ ᠳᠡᠰ ᠤᠨ ᠤᠷᠭᠤᠮᠠᠯ ᠤᠨ ᠤᠬᠠᠭᠠᠨ ᠤ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠲᠥᠪ᠂ ᠡᠭᠦᠯᠡᠨ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠲᠠᠪᠴᠠᠩ᠂ ᠴᠠᠭᠠᠨ ᠢᠳᠡᠭᠡᠨ ᠤ ᠠᠮᠢᠳᠤ ᠪᠣᠳᠠᠰ ᠤᠨ ᠮᠡᠷᠭᠡᠵᠢᠯ ᠪᠣᠯᠤᠨ ᠢᠨᠵᠧᠨᠧᠷᠢᠩ ᠤᠨ ᠰᠤᠷᠭᠠᠨ ᠬᠥᠮᠦᠵᠢᠯ ᠤᠨ ᠶᠠᠮᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠰᠤᠷᠤᠭᠴᠢᠳ ᠤᠨ ᠨᠡᠶᠢᠲᠡ ᠶᠢᠨ ᠪᠠᠶᠢᠷᠢ᠂ ᠰᠤᠷᠭᠠᠭᠤᠯᠢ ᠶᠢᠨ ᠲᠡᠦᠬᠡ ᠶᠢᠨ ᠣᠷᠳᠣᠨ ᠵᠡᠷᠭᠡ ᠭᠠᠵᠠᠷ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠢ ᠬᠤᠷᠠᠯᠳᠤᠭᠤᠯᠪᠠ᠃
1.jpg
   

2.jpg

      ᠳ᠋ᠦ᠋ ᠬᠤᠢ ᠯᠢᠶᠠᠩ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨᠵᠢᠯᠡᠭᠡᠨ ᠤ ᠰᠠᠯᠠᠭᠠᠨ ᠤ

ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ︽ᠬᠤᠣᠰ ᠲᠡᠷᠢᠭᠦᠨ︾᠎ ᠤ ᠪᠠᠶᠢᠭᠤᠯᠤᠯᠲᠠ ᠪᠠᠷ ᠵᠣᠷᠢᠯᠲᠠ ᠪᠣᠯᠭᠠᠨ᠂

ᠡᠪᠡᠰᠦᠨ ᠰᠤᠳᠤᠯᠤᠯ᠂ ᠢᠳᠡᠭᠡᠨ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠵᠡᠷᠭᠡ ᠳᠠᠪᠠᠭᠤᠯᠢᠭ ᠣᠨᠴᠠᠯᠢᠭᠲᠤ

ᠰᠢᠨᠵᠢᠯᠡᠭᠡᠨ ᠤ ᠰᠠᠯᠠᠭ᠎ᠠ ᠤᠯᠤᠰ ᠎ ᠤᠨ ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢ ᠲᠡᠮᠡᠴᠡᠨ ᠣᠯᠬᠤ ᠶᠢ ᠪᠦᠬᠦ

ᠬᠦᠴᠦᠨ ᠢᠶᠠᠷ ᠠᠬᠢᠭᠤᠯᠵᠤ᠂ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠨᠴᠠᠯᠢᠭ ᠢᠯᠡ ᠲᠣᠳᠣ᠂

ᠬᠠᠮᠵᠢᠯᠴᠠᠨ ᠬᠥᠭᠵᠢᠭᠦᠯᠬᠦ ᠳᠠᠪᠠᠭᠤᠯᠢᠭ ᠰᠢᠨᠵᠢᠯᠡᠭᠡᠨ ᠤ ᠰᠠᠯᠠᠭᠠᠨ ᠤ ᠪᠥᠯᠦᠭᠵᠢᠯ ᠢ ᠪᠠᠶᠢᠭᠤᠯᠤᠨ᠎ᠠ᠃ ︽ᠠᠷᠪᠠᠨ

ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠢᠨᠵᠢᠯᠡᠬᠦ

ᠤᠬᠠᠭᠠᠨᠴᠢ ᠪᠠᠷ ᠲᠥᠰᠦᠪᠯᠡᠵᠦ᠂ ︽ᠬᠤᠶᠠᠷ ᠬᠦᠨᠳᠦ︾᠎ ᠶᠢᠨ ᠪᠠᠶᠢᠭᠤᠯᠤᠯᠲᠠ ᠪᠠ ︽ᠬᠤᠶᠠᠷ ᠰᠢᠨ᠎ᠡ︾ ᠲᠥᠷᠥ ᠶᠢᠨ

ᠪᠣᠳᠣᠯᠭ᠎ᠠ ᠶᠢ ᠰᠠᠶᠢᠲᠤᠷ ᠠᠰᠢᠭᠯᠠᠨ ᠭᠦᠢᠴᠡᠳ ᠬᠡᠷᠡᠭᠯᠡᠵᠦ᠂ ᠴᠢᠬᠤᠯᠠ ᠶᠡᠭᠡ ᠲᠥᠷᠥᠯ ᠵᠦᠢᠯ ᠢ ᠲᠥᠰᠦᠪᠯᠡᠬᠦ ᠶᠢ

ᠴᠢᠩᠭᠠᠳᠬᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠡᠰ

ᠳᠡᠪᠰᠢᠭᠦᠯᠬᠦ ᠶᠢ ᠲᠦᠷᠭᠡᠳᠬᠡᠨ ᠪᠡᠶᠡᠯᠡᠭᠦᠯᠦᠨ᠎ᠡ᠃ ᠳᠠᠪᠠᠭᠤᠯᠢᠭ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾᠎ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠣᠳᠤᠯᠭᠠᠨ ᠤ

ᠵᠠᠷᠤᠳᠠᠯ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠤᠯᠤᠰ ᠤᠨ ᠳᠡᠰ ᠤᠨ ᠰᠢᠨᠵᠢᠯᠡᠬᠦ

ᠤᠬᠠᠭᠠᠨ ᠤ ᠰᠤᠳᠤᠯᠭᠠᠨ ᠤ ᠲᠠᠪᠴᠠᠩ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠭᠤᠯᠳᠤ ᠴᠢᠭᠯᠡᠯ ᠤᠨ

ᠲᠥᠰᠦᠯ ᠣᠯᠬᠤ ᠪᠠᠷ ᠢᠳᠡᠪᠬᠢᠯᠡᠨ ᠴᠢᠷᠮᠠᠶᠢᠵᠤ᠂ ᠬᠥᠨᠳᠡᠯᠡᠨ ᠴᠢᠭᠯᠡᠯ ᠤᠨ ᠲᠥᠰᠦᠯ ᠢ ᠪᠥᠬᠦ ᠲᠠᠯ᠎ᠠ ᠪᠠᠷ ᠠᠬᠢᠭᠤᠯᠤᠨ᠂

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠥᠭᠡᠷᠡᠴᠢᠯᠡᠯᠲᠡ

᠎ ᠶᠢ ᠭᠦᠨᠵᠡᠭᠡᠶᠢᠷᠡᠭᠦᠯᠵᠦ᠂ ᠬᠡᠰᠡᠭ ᠪᠦᠯᠦᠭ ᠴᠢᠬᠤᠯᠠ ᠶᠡᠭᠡ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠤ 

ᠰᠣᠳᠤᠯᠭᠠᠨ ᠤ ᠦᠷ᠎ᠡ ᠪᠦᠲᠦᠭᠡᠯ ᠢ ᠴᠢᠷᠮᠠᠶᠢᠨ ᠪᠣᠢ ᠪᠣᠯᠭᠠᠵᠤ᠂ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠳᠤ

ᠨᠡᠩ ᠬᠦᠴᠦᠲᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠴᠢᠳᠠᠪᠤᠷᠢᠲᠠᠨ

ᠬᠥᠮᠦᠵᠢᠭᠦᠯᠬᠦ ᠠᠵᠢᠯ ᠢ ᠰᠡᠳᠬᠢᠯ ᠲᠠᠯᠪᠢᠨ ᠬᠠᠯᠠᠭᠤᠨ ᠰᠡᠳᠬᠢᠯᠭᠡ ᠪᠠᠷ ᠬᠦᠴᠦᠯᠡᠨ ᠰᠠᠶᠢᠲᠤᠷ ᠬᠢᠬᠦ ᠬᠡᠷᠡᠭᠲᠡᠢ᠃

ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠴᠢᠳᠠᠪᠤᠷᠢᠲᠠᠨ

ᠬᠥᠮᠦᠵᠢᠭᠦᠯᠬᠦ ᠳᠣᠭᠲᠠᠯᠴᠠᠭ᠎ᠠ ᠶᠢ ᠲᠡᠭᠦᠯᠳᠡᠷᠵᠢᠭᠦᠯᠦᠨ᠂ ᠴᠢᠳᠠᠪᠤᠷᠢᠲᠠᠨ ᠢ ᠬᠥᠭᠵᠢᠭᠦᠯᠬᠦ ᠰᠠᠶᠢᠨ ᠰᠠᠶᠢᠬᠠᠨ ᠠᠭᠤᠷ

ᠠᠮᠢᠰᠬᠤᠯ ᠪᠠ ᠣᠷᠴᠢᠨ ᠠᠬᠤᠢ ᠶᠢ ᠪᠣᠢ ᠪᠣᠯᠭᠠᠵᠤ᠂ ᠪᠡᠯᠭᠡ ᠲᠡᠮᠳᠡᠭ ᠤᠨ ᠴᠢᠨᠠᠷᠲᠠᠢ ᠴᠢᠳᠠᠪᠤᠷᠢᠲᠠᠨ ᠤ ᠡᠩᠨᠡᠭᠡ ᠶᠢ

ᠬᠦᠴᠦᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠤ ᠰᠣᠳᠤᠯᠭᠠᠨ ᠤ ᠵᠠᠯᠠᠭᠤ ᠭᠤᠣᠯᠯᠠᠬᠤ ᠬᠦᠴᠦᠨ ᠪᠣᠯᠤᠨ ᠪᠠᠭᠰᠢ

᠎ ᠳᠤ ᠲᠤᠰᠬᠠᠢ ᠵᠦᠢᠯ ᠤᠨ ᠳᠡᠮᠵᠢᠯᠭᠡ ᠬᠠᠩᠭᠠᠵᠤ᠂ ᠬᠥᠭᠵᠢᠯᠲᠡ ᠶᠢᠨ ᠳᠠᠯᠳᠠ ᠬᠦᠴᠦᠨ ᠲᠠᠢ ᠬᠡᠰᠡᠭ ᠪᠦᠯᠦᠭ

ᠰᠢᠯᠢᠳᠡᠭ ᠴᠢᠳᠠᠪᠤᠷᠢᠲᠠᠨ ᠢ ᠢᠯᠡᠷᠡᠭᠦᠯᠦᠨ ᠬᠥᠮᠥᠵᠢᠭᠦᠯᠦᠨ᠎ᠡ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ

ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠷ᠎ᠡ

ᠪᠦᠲᠦᠮᠵᠢ ᠶᠢ ᠲᠦᠷᠭᠡᠨ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ

ᠠᠵᠢᠯ ᠢ ᠰᠠᠶᠢᠲᠤᠷ ᠬᠢᠵᠦ᠂ ᠬᠦᠴᠢᠷᠳᠡᠯᠲᠡᠢ ᠰᠤᠷᠤᠭᠴᠢᠳ ᠢ ᠬᠠᠪᠰᠤᠷᠤᠨ ᠲᠡᠳᠬᠦᠬᠦ ᠡᠷᠴᠢᠮ ᠢ ᠤᠯᠠᠮ ᠨᠢᠭᠡ

ᠠᠯᠬᠤᠮ ᠴᠢᠩᠭᠠᠳᠬᠠᠨ᠂ ᠰᠤᠷᠤᠭᠴᠢ ᠨᠢᠭᠡ ᠪᠦᠷᠢ ᠳᠤ ᠴᠥᠮ ᠠᠵᠢᠯ ᠣᠯᠭᠤᠯᠲᠠ ᠶᠢ ᠣᠨᠣᠪᠴᠢᠲᠠᠢ ᠮᠥᠷᠲᠡᠭᠡᠨ

ᠪᠦᠲᠦᠮᠵᠢᠲᠡᠢ ᠵᠢᠯᠣᠭᠤᠳᠬᠤ ᠶᠢ ᠦᠨᠡᠨ ᠬᠦ ᠪᠠᠲᠤᠯᠠᠨ᠎ᠠ᠃ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠢ

ᠭᠦᠨᠵᠡᠭᠡᠢ ᠵᠠᠳᠠᠯᠵᠤ ᠰᠤᠳᠤᠯᠤᠨ ᠮᠠᠭᠠᠳᠯᠠᠵᠤ᠂ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢᠨ

ᠬᠤᠪᠢᠷᠠᠯᠲᠠ ᠶᠢ ᠴᠠᠭ ᠲᠤᠬᠠᠢ ᠳᠤ ᠨᠢ ᠡᠵᠡᠮᠰᠢᠨ᠂ ᠰᠤᠷᠤᠭᠴᠢ ᠡᠯᠰᠡᠨ ᠬᠥᠮᠥᠵᠢᠭᠦᠯᠬᠦ ᠪᠠ ᠠᠵᠢᠯ ᠣᠯᠭᠤᠬᠤ

ᠬᠤᠯᠪᠤᠯᠳᠤᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ

ᠴᠢᠨᠠᠷᠯᠢᠭ ᠭᠦᠢᠴᠡᠳ ᠠᠵᠢᠯ ᠣᠯᠬᠤ ᠶᠢ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ

ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠎ ᠶᠢ ᠲᠠᠰᠤᠷᠠᠯᠲᠠ

ᠥᠬᠡᠶ ᠴᠢᠩᠭᠠᠳᠬᠠᠵᠤ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤ ᠨᠢ ᠰᠢᠢᠳᠪᠦᠷᠢᠯᠡᠬᠦ︾ ᠠᠵᠢᠯ ᠤᠨ

ᠲᠣᠭᠲᠠᠴᠠ ᠶᠢ ᠰᠠᠶᠢᠲᠤᠷ ᠬᠡᠷᠡᠭᠯᠡᠵᠦ᠂ ᠪᠠᠭᠰᠢ ᠰᠤᠷᠤᠭᠴᠢᠳ ᠤᠨ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠢ

ᠦᠨᠡᠨ ᠬᠦ  ᠰᠢᠢᠳᠪᠦᠷᠢᠯᠡᠨ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠭᠰᠢ ᠰᠤᠷᠤᠭᠴᠢᠳ ᠲᠤ

ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠬᠤᠯᠪᠣᠭᠳᠠᠯ ᠪᠦᠬᠦᠢ ᠲᠤᠰᠬᠠᠢ ᠴᠡᠭᠴᠡᠯᠡᠨ

ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠰᠤᠷᠭᠠᠭᠤᠯᠢ ᠶᠢᠨ

ᠬᠦᠷᠢᠶᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ ᠭᠡᠵᠦ ᠴᠢᠬᠤᠯᠠᠴᠢᠯᠠᠪᠠ᠃

     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠭᠠᠵᠠᠷ ᠲᠠᠰᠤᠭ ᠤᠨ

ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号