ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠡᠬᠢᠯᠡᠪᠡ
ᠨᠡᠶᠢᠲᠡᠯᠡᠭᠰᠡᠨ ᠴᠠᠭ᠄
2025/5/26
      ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠣᠷᠳᠣᠰ ᠬᠤᠲᠠ ᠳᠤ ᠶᠠᠪᠤᠭᠳᠠᠭᠤᠯᠪᠠ᠃ ᠡᠨᠡ ᠤᠳᠠᠭᠠᠨ ᠤ ᠠᠵᠢᠯᠯᠠᠭ᠎ᠠ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠠᠶᠢᠮᠠᠭ ᠬᠤᠲᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠬᠦ ᠣᠨᠣᠯᠵᠢᠬᠤᠨ ᠢ ᠶᠡᠭᠡ ᠪᠠᠷ ᠳᠡᠯᠭᠡᠷᠡᠭᠦᠯᠵᠦ᠂ ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠴᠢᠨᠠᠷᠯᠢᠭ ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃   

1.jpg

      ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ᠂ ᠳᠤᠮᠳᠠᠳᠤ ᠤᠯᠤᠰ ᠤᠨ ᠰᠤᠷᠭᠠᠨ ᠬᠥᠮᠦᠵᠢᠯ

ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠴᠤᠤ ᠾᠦᠢ ︽ᠪᠦᠭᠦᠳᠡ ᠨᠠᠶᠢᠷᠠᠮᠳᠠᠬᠤ

ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢᠨ

ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ᠂ ᠲᠤᠰ ᠬᠠᠤᠯᠢ ᠶᠢ ᠬᠠᠤᠯᠢ ᠲᠣᠭᠲᠠᠭᠠᠭᠰᠠᠨ ᠠᠬᠤᠢ

ᠪᠠᠶᠢᠳᠠᠯ᠂ ᠭᠤᠣᠯ ᠠᠭᠤᠯᠭ᠎ᠠ ᠵᠢᠴᠢ  ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ

ᠦᠢᠯᠡᠳᠦᠯᠭᠡ ᠶᠢᠨ ᠵᠢᠯᠣᠭᠤᠳᠬᠤ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠪᠠ᠃

      ᠲᠤᠷᠰᠢᠯᠭ᠎ᠠ ᠰᠣᠯᠢᠯᠴᠠᠬᠤ ᠠᠵᠢᠯᠯᠠᠭ᠎ᠠ ᠳᠤ᠂ ᠪᠦᠬᠦ ᠣᠷᠣᠨ ᠤ 12 ᠠᠶᠢᠮᠠᠭ ᠬᠤᠲᠠ ᠶᠢᠨ ᠰᠤᠷᠭᠠᠭᠤᠯᠢ ᠶᠢᠨ

ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠯᠥᠭᠡᠯᠡᠭᠴᠢ ᠳᠡᠰ ᠳᠠᠷᠠᠭᠠᠯᠠᠨ ᠶᠠᠷᠢᠶ᠎ᠠ ᠲᠠᠯᠪᠢᠵᠤ᠂ ᠲᠡᠳᠡ ᠲᠤᠰ

ᠲᠤᠰ ᠤᠨ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠭᠠᠭᠤᠯᠢ ᠶᠢᠨ ᠨᠠᠰᠤᠨ ᠠᠴᠠ

ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠠᠬᠢ ᠡᠷᠬᠢᠮ ᠨᠠᠨᠳᠢᠨ ᠲᠤᠷᠰᠢᠯᠭ᠎ᠠ ᠪᠠ ᠲᠤᠪᠤᠶᠢᠮ᠎ᠠ

ᠠᠮᠵᠢᠯᠲᠠ ᠢ ᠬᠤᠪᠢᠶᠠᠯᠴᠠᠪᠠ᠃ ᠶᠠᠷᠢᠶᠠᠨ ᠤ ᠠᠭᠤᠯᠭ᠎ᠠ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ ᠤᠨ ᠬᠠᠮᠢᠶᠠᠷᠤᠯᠲᠠ᠂ ᠠᠰᠠᠷᠠᠨ ᠬᠥᠮᠦᠵᠢᠭᠦᠯᠬᠦ ᠪᠠ ᠠᠮᠤᠷ ᠲᠦᠪᠰᠢᠨ᠂ ᠲᠣᠭᠯᠠᠭᠠᠮ ᠤᠨ ᠥᠭᠡᠷᠡᠴᠢᠯᠡᠯᠲᠡ᠂

ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠣᠷᠴᠢᠨ ᠲᠣᠭᠤᠷᠢᠨ ᠤ ᠴᠣᠭᠴᠠᠯᠠᠯᠲᠠ᠂ ᠬᠡᠦᠬᠡᠳ ᠤᠨ ᠴᠡᠴᠡᠷᠯᠢᠭ ᠭᠡᠷ

ᠪᠦᠯᠢ ᠬᠠᠮᠵᠢᠯᠴᠠᠨ ᠬᠥᠮᠦᠨ ᠬᠥᠮᠦᠵᠢᠭᠦᠯᠬᠦ ᠵᠡᠷᠭᠡ ᠣᠯᠠᠨ ᠲᠠᠯ᠎ᠠ ᠶᠢ ᠬᠠᠮᠤᠷᠪᠠ᠃ ᠳᠠᠷᠠᠭ᠎ᠠ ᠨᠢ᠂ ᠬᠤᠷᠠᠯ ᠳᠤ

ᠣᠷᠣᠯᠴᠠᠭᠰᠠᠳ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ᠶᠢ

ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠴᠢᠷᠮᠠᠶᠢᠨ ᠪᠠᠶᠢᠭᠤᠯᠬᠤ︾ ᠡᠨᠡ ᠬᠦ ᠭᠤᠣᠯ

ᠰᠡᠳᠦᠪ ᠤᠨ ᠲᠣᠭᠤᠷᠢᠨ ᠳᠤ ᠢᠳᠡᠪᠬᠢᠲᠡᠢ ᠶᠠᠷᠢᠯᠴᠠᠵᠤ᠂ ᠦᠵᠡᠯ ᠰᠠᠨᠠᠭ᠎ᠠ ᠪᠠᠨ ᠰᠣᠯᠢᠯᠴᠠᠨ᠂ ᠲᠤᠷᠰᠢᠯᠭ᠎ᠠ ᠪᠠᠨ

ᠬᠤᠪᠢᠶᠠᠯᠴᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ

ᠰᠡᠳᠬᠢᠮᠵᠢ᠂ ᠰᠢᠨ᠎ᠡ ᠠᠷᠭ᠎ᠠ ᠶᠢ ᠬᠠᠮᠲᠤ ᠳᠤ ᠪᠠᠨ ᠰᠤᠳᠤᠯᠤᠨ ᠶᠠᠷᠢᠯᠴᠠᠪᠠ᠃ ᠰᠤᠳᠤᠯᠤᠨ ᠶᠠᠷᠢᠯᠴᠠᠬᠤ ᠪᠠᠷ

ᠳᠠᠮᠵᠢᠭᠤᠯᠤᠨ᠂ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠳᠠᠷᠠᠭ᠎ᠠ ᠠᠯᠬᠤᠮ ᠤᠨ

ᠠᠵᠢᠯ ᠤᠨ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠵᠤ᠂ ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ

ᠡᠮᠦᠨᠡᠬᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃

      ᠳᠠᠷᠠᠭ᠎ᠠ ᠡᠳᠦᠷ ᠨᠢ᠂ ᠬᠤᠷᠠᠯ ᠳᠤ ᠣᠷᠣᠯᠴᠠᠭᠰᠠᠳ 4 ᠳᠤᠭᠤᠶᠢᠯᠠᠩ ᠬᠤᠪᠢᠶᠠᠵᠤ᠂ ᠬᠢᠶ᠎ᠠ ᠪᠠᠭᠰᠢ

ᠲᠣᠭᠤᠷᠢᠭ᠂ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤᠨ ᠤ 6 ᠬᠡᠦᠬᠡᠳ ᠤᠨ ᠴᠡᠴᠡᠷᠯᠢᠭ ᠲᠤ

ᠭᠦᠨᠵᠡᠭᠡᠶᠢᠷᠡᠨ ᠠᠬᠤᠢ ᠲᠠᠯᠠᠪᠠᠢ ᠳᠤ ᠲᠣᠭᠤᠷᠢᠨ ᠦᠵᠡᠪᠡ᠃ ᠲᠡᠳᠡ ᠬᠡᠦᠬᠡᠳ ᠤᠨ ᠴᠡᠴᠡᠷᠯᠢᠭ ᠤᠨ ᠳᠠᠷᠤᠭ᠎ᠠ ᠶᠢᠨ

ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠩᠭᠢ ᠲᠠᠭᠠᠨ ᠬᠡᠦᠬᠡᠳ ᠤᠨ

ᠴᠡᠴᠡᠷᠯᠢᠭ ᠤᠨ ᠣᠷᠴᠢᠨ ᠲᠣᠭᠤᠷᠢᠨ ᠤ ᠮᠠᠲ᠋ᠧᠷᠢᠶᠠᠯ ᠢ  ᠦᠵᠡᠨ᠂ ᠬᠡᠦᠬᠡᠳ ᠤᠨ ᠪᠡᠶ᠎ᠡ ᠪᠠᠨ ᠳᠠᠭᠠᠭᠠᠬᠤ ᠴᠢᠳᠠᠪᠤᠷᠢ

ᠪᠣᠯᠤᠨ ᠲᠣᠭᠯᠠᠭᠠᠮ ᠤᠨ ᠪᠠᠶᠢᠳᠠᠯ ᠢ ᠨᠠᠷᠢᠨ ᠨᠢᠮᠪᠠᠢ ᠠᠵᠢᠭᠯᠠᠵᠤ᠂ ᠡᠯ᠎ᠡ ᠬᠡᠦᠬᠡᠳ ᠤᠨ ᠴᠡᠴᠡᠷᠯᠢᠭ ᠤᠨ ᠰᠤᠷᠭᠠᠭᠤᠯᠢ 

 ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠳᠦᠯᠭᠡ ᠶᠢᠨ ᠶᠠᠪᠤᠴᠠ ᠳᠠᠬᠢ ᠣᠨᠴᠠᠯᠢᠭᠲᠤ ᠠᠷᠭ᠎ᠠ

ᠪᠠᠷᠢᠯ ᠪᠣᠯᠤᠨ ᠲᠡᠷᠢᠭᠦᠨ ᠤ ᠲᠤᠷᠰᠢᠯᠭ᠎ᠠ ᠶᠢ  ᠪᠡᠶᠡᠴᠢᠯᠡᠨ ᠣᠶᠢᠯᠠᠭᠠᠪᠠ᠃

      ᠳᠠᠷᠠᠭ᠎ᠠ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠪᠦᠭᠦᠳᠡ ᠨᠠᠶᠢᠷᠠᠮᠳᠠᠬᠤ

ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ

ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ

ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ

ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2024 - 2035 ᠣᠨ︶︾ ᠶᠢ

ᠬᠡᠷᠡᠭᠵᠢᠭᠦᠯᠬᠦ ᠯᠦᠭᠡ ᠨᠢᠭᠲᠠ ᠤᠶᠠᠯᠳᠤᠭᠤᠯᠵᠤ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠤᠨ

ᠦᠨᠳᠦᠰᠦᠨ ᠴᠢᠭᠯᠡᠯ ᠢ ᠪᠠᠲᠤ ᠡᠵᠡᠮᠳᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ

ᠣᠯᠠᠨ ᠨᠡᠶᠢᠲᠡ ᠶᠢᠨ ᠦᠢᠯᠡᠴᠢᠯᠡᠭᠡᠨ ᠤ ᠳᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠤᠷᠭᠠᠭᠤᠯᠢ ᠶᠢᠨ

ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠢᠷᠢ ᠲᠦᠪᠰᠢᠨ ᠢ ᠤᠯᠠᠮ ᠨᠢᠭᠡ

ᠠᠯᠬᠤᠮ ᠳᠡᠭᠡᠭᠰᠢᠯᠡᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭᠠᠨ ᠤ

ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ

ᠬᠥᠮᠦᠵᠢᠭᠦᠯᠬᠦ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠬᠦ ᠣᠷᠣᠨ ᠤ ᠬᠡᠦᠬᠡᠳ ᠲᠤ ᠨᠡᠩ

ᠴᠢᠨᠠᠷᠯᠢᠭ᠂ ᠲᠥᠪ ᠭᠤᠣᠯᠴᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠴᠢᠯᠡᠭᠡ ᠶᠢ

ᠬᠠᠩᠭᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ

ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ︕

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号