ᠣᠷᠳᠣᠰ ᠬᠤᠲᠠ᠄ ︽ᠬᠤᠲᠠ ᠶᠢᠨ ᠬᠡᠪᠴᠢᠶᠡᠨ ᠳᠤ ᠨᠢᠭᠡ ᠴᠣᠭᠴᠠᠵᠢᠭᠤᠯᠬᠤ︾ ᠰᠠᠭᠤᠷᠢ ᠰᠤᠷᠭᠠᠨ ᠬᠥᠮᠦᠵᠢᠯ ᠤᠨ ᠡᠷᠬᠡ ᠲᠡᠭᠰᠢ ᠴᠢᠨᠠᠷᠯᠢᠭ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2025/5/27
      ᠣᠶᠢᠷ᠎ᠠ ᠶᠢᠨ ᠵᠢᠯ᠂ ᠣᠷᠳᠣᠰ ᠬᠤᠳᠠ ᠪᠦᠬᠦ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠠᠭᠤᠷᠢ ᠰᠤᠷᠭᠠᠨ ᠬᠥᠮᠦᠵᠢᠯ ᠢ ᠡᠷᠬᠡ ᠲᠡᠭᠰᠢ ᠴᠢᠨᠠᠷᠯᠢᠭ ᠬᠥᠭᠵᠢᠭᠦᠯᠬᠦ ᠶᠠᠪᠤᠴᠠ ᠳᠠᠬᠢ ᠰᠢᠷᠢᠰ ᠳᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠬᠡᠪᠴᠢᠶᠡᠨ ᠳᠤ ᠨᠢᠭᠡᠳᠦᠯᠲᠡᠢ ᠲᠥᠯᠥᠪᠯᠡᠬᠦ᠂ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠬᠦ ᠪᠠ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠶᠢ ᠬᠦᠴᠦᠯᠡᠨ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠪᠠᠶᠢᠷᠢᠰᠢᠯᠠᠭᠤᠯᠤᠯᠲᠠ ᠶᠢ ᠰᠢᠶᠠᠨ ᠤ ᠬᠡᠪᠴᠢᠶᠡᠨ ᠤ ︽ᠪᠠᠭ᠎ᠠ ᠡᠷᠭᠢᠯᠲᠡ︾᠎ ᠠᠴᠠ ᠬᠤᠲᠠ ᠶᠢᠨ ᠬᠡᠪᠴᠢᠶᠡᠨ ᠤ ︽ᠶᠡᠭᠡ ᠬᠠᠮᠵᠢᠯᠴᠠᠭ᠎ᠠ︾ ᠲᠡᠶᠢᠰᠢ ᠬᠤᠪᠢᠷᠠᠭᠤᠯᠬᠤ ᠶᠢ ᠠᠬᠢᠭᠤᠯᠪᠠ᠃      ᠰᠤᠷᠭᠠᠨ ᠬᠥᠮᠦᠵᠢᠯ ᠤᠨ ᠡᠬᠢ ᠪᠠᠶᠠᠯᠢᠭ ᠢᠶᠠᠷ ᠬᠤᠲᠠ ᠶᠢ ᠨᠢᠭᠡᠳᠦᠯᠲᠡᠢ ᠲᠥᠯᠥᠪᠯᠡᠬᠦ ᠡᠷᠴᠢᠮ ᠢ ᠴᠢᠩᠭᠠᠷᠠᠭᠤᠯᠵᠤ᠂ ᠪᠦᠬᠦ ᠬᠤᠲᠠ ᠪᠠᠷ ᠢᠶᠠᠨ ᠨᠢᠭᠡ ᠬᠥᠯᠭᠡ ᠰᠢᠲᠠᠷ᠎ᠠ ᠶᠢ ᠰᠠᠶᠢᠨ ᠲᠠᠯᠪᠢᠪᠠ᠃ ᠨᠢᠭᠡ ᠳᠤ᠂           ᠰᠤᠷᠭᠠᠨ ᠬᠥᠮᠦᠵᠢᠯ ᠤᠨ ᠵᠠᠷᠤᠳᠠᠯ ᠢ ᠬᠤᠲᠠ ᠶᠢᠨ ᠬᠡᠪᠴᠢᠶᠡᠨ ᠳᠤ ᠨᠢᠭᠡᠳᠦᠯᠲᠡᠢ ᠲᠥᠯᠥᠪᠯᠡᠬᠦ ᠡᠷᠴᠢᠮ ᠢ ᠴᠢᠩᠭᠠᠷᠠᠭᠤᠯᠪᠠ᠃ ᠡᠯ᠎ᠡ ᠬᠤᠰᠢᠭᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ           ᠲᠦᠪᠰᠢᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠥᠪᠡᠷ ᠤᠨ ᠥᠷᠲᠡᠭ ᠪᠠ ᠡᠳ᠋ ᠤᠨ ᠬᠦᠴᠦᠨ ᠤ ᠵᠥᠷᠢᠶ᠎ᠡ ᠶᠢ ᠦᠨᠳᠦᠰᠦᠯᠡᠨ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠬᠦ ᠬᠠᠷᠢᠴᠠᠯ ᠢ ᠳᠥᠷᠪᠡᠨ ᠳᠡᠰ ᠬᠤᠪᠢᠶᠠᠵᠤ᠂ ᠡᠳ᠋ ᠤᠨ ᠬᠦᠴᠦᠨ ᠢᠶᠠᠷ ᠪᠠᠭᠤᠷᠠᠢ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠡᠯᠡ ᠣᠷᠣᠭᠤᠯᠤᠯᠲᠠ ᠎ ᠶᠢᠨ ᠳᠠᠷᠤᠯᠲᠠ ᠶᠢ ᠶᠡᠭᠡ ᠪᠠᠷ ᠬᠥᠩᠭᠡᠷᠡᠭᠦᠯᠦᠨ᠂ ᠰᠤᠷᠭᠠᠭᠤᠯᠢ ᠡᠷᠬᠢᠯᠡᠬᠦ ᠨᠥᠬᠦᠴᠡᠯ ᠢ ᠪᠦᠬᠦ ᠬᠤᠲᠠ ᠵᠡᠷᠭᠡ ᠪᠠᠷ ᠠᠬᠢᠭᠤᠯᠬᠤ ᠶᠢ ᠪᠠᠲᠤᠯᠠᠪᠠ᠃ ᠬᠤᠶᠠᠷ ᠲᠤ᠂ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠬᠤᠲᠠ ᠶᠢ ᠨᠢᠭᠡᠳᠦᠯᠲᠡᠢ ᠲᠥᠯᠦᠪᠯᠡᠬᠦ ᠡᠷᠴᠢᠮ ᠢ ᠴᠢᠩᠭᠠᠷᠠᠭᠤᠯᠪᠠ᠃ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠪᠦᠬᠦ ᠠᠵᠢᠯᠲᠠᠨ ᠪᠦᠬᠦ ᠬᠡᠪᠴᠢᠶᠡᠨ ᠳᠤ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠪᠠᠭᠰᠢ ᠰᠤᠷᠤᠭᠴᠢᠳ ᠤᠨ ᠳᠠᠩᠰᠠᠯᠠᠭᠤᠯᠤᠭᠰᠠᠨ ᠨᠣᠷᠮ᠎ᠠ 100%᠂ ᠰᠤᠷᠪᠤᠯᠵᠢᠯᠠᠭᠰᠠᠨ ᠬᠡᠮᠵᠢᠶ᠎ᠡ           2.3 ᠳ᠋ᠦᠩᠰᠢᠭᠤᠷ ᠤᠳᠠᠭ᠎ᠠ ᠬᠦᠷᠴᠦ᠂ ᠡᠯ᠎ᠡ ᠵᠦᠢᠯ ᠤᠨ ᠬᠡᠷᠡᠭᠯᠡᠭᠡᠨ ᠤ ᠭᠦᠢᠴᠡᠳᠬᠡᠯ ᠲᠤᠭ᠎ᠠ ᠴᠥᠮ ᠥᠪᠡᠷᠲᠡᠭᠡᠨ ᠵᠠᠰᠠᠬᠤ ᠣᠷᠣᠨ ᠳᠤ ᠲᠦᠷᠦᠭᠦᠯᠡᠵᠦ᠂ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠦᠨᠡᠨ ᠬᠦ ᠨᠢᠭᠡᠳᠦᠭᠡᠷ ︽ᠲᠥᠯᠦᠪᠦᠷᠢ ᠦᠭᠡᠢ ᠭᠡᠷ ᠤᠨ ᠪᠠᠭᠰᠢ︾ ᠪᠣᠯᠭᠠᠪᠠ᠃ ᠪᠦᠬᠦ ᠬᠤᠲᠠ ᠳᠤ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠰᠦᠯᠵᠢᠶ᠎ᠡ ᠪᠠ ᠰᠤᠷᠭᠠᠨ ᠬᠥᠮᠦᠵᠢᠯ ᠤᠨ ᠡᠭᠦᠯᠡᠨ ᠲᠠᠪᠴᠠᠩ ᠢ ᠨᠢᠭᠡᠳᠦᠯᠲᠡᠢ ᠪᠠᠶᠢᠭᠤᠯᠵᠤ᠂ ᠰᠤᠷᠭᠠᠨ ᠬᠥᠮᠦᠵᠢᠯ ᠤᠨ ᠲᠤᠰᠬᠠᠢ ᠰᠦᠯᠵᠢᠶᠡᠨ ᠤ ᠬᠤᠲᠠ ᠶᠢᠨ ᠲᠣᠭᠤᠷᠢᠭ ᠤᠨ ᠰᠤᠷᠭᠠᠭᠤᠯᠢ ᠳᠤ ᠲᠦᠮᠡᠨ ᠮᠧᠭ᠎ᠠ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠮᠢᠩᠭᠠᠨ ᠮᠧᠭ᠎ᠠ ᠶᠢ  ᠵᠠᠯᠭᠠᠬᠤ ᠶᠢ ᠪᠡᠶᠡᠯᠡᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ ᠳᠤ 40 ᠭᠠᠷᠤᠢ ᠵᠦᠢᠯ ᠤᠨ ᠡᠬᠢ ᠪᠠᠶᠠᠯᠢᠭ ᠪᠠ ᠬᠡᠷᠡᠭᠯᠡᠭᠡᠨ ᠤ ᠦᠢᠯᠡᠴᠢᠯᠡᠭᠡ ᠬᠠᠩᠭᠠᠵᠤ᠂ ᠲᠣᠭᠠᠵᠢᠭᠤᠯᠤᠭᠰᠠᠨ ᠰᠤᠷᠭᠠᠭᠤᠯᠢ ᠶᠢᠨ ᠬᠦᠷᠢᠶ᠎ᠡ ᠶᠢ ᠣᠶᠤᠨᠴᠢ ᠰᠤᠷᠭᠠᠭᠤᠯᠢ ᠶᠢᠨ ᠬᠦᠷᠢᠶ᠎ᠡ ᠲᠡᠶᠢᠰᠢ ᠰᠢᠯᠵᠢᠭᠦᠯᠬᠦ ᠶᠢ ᠠᠬᠢᠭᠤᠯᠪᠠ᠃ ᠭᠤᠷᠪᠠ ᠳᠤ᠂ ᠪᠠᠭᠰᠢ ᠬᠥᠮᠥᠵᠢᠭᠦᠯᠬᠦ ᠬᠤᠲᠠ ᠶᠢ ᠨᠢᠭᠡᠳᠦᠯᠲᠡᠢ ᠲᠥᠯᠦᠪᠯᠡᠬᠦ ᠡᠷᠴᠢᠮ ᠢ ᠴᠢᠩᠭᠠᠷᠠᠭᠤᠯᠪᠠ᠃ ᠡᠯ᠎ᠡ ᠲᠠᠯ᠎ᠠ ᠶᠢᠨ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ᠂ ᠪᠡᠭᠡᠵᠢᠩ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠪᠠᠭᠰᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠯᠤᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠶᠡᠭᠡ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠲᠤ ᠳᠤ ᠪᠠᠨ ᠪᠠᠶᠢᠭᠤᠯᠵᠤ᠂ ᠲᠥᠪᠯᠡᠷᠡᠭᠦᠯᠦᠨ ᠰᠤᠳᠤᠯᠤᠨ ᠰᠤᠷᠤᠯᠴᠠᠬᠤ᠂ ᠰᠤᠷᠭᠠᠭᠤᠯᠢ ᠳᠤ ᠣᠷᠣᠵᠤ ᠵᠢᠯᠣᠭᠤᠳᠬᠤ᠂ ᠭᠠᠳᠠᠭᠰᠢ ᠭᠠᠷᠴᠤ ᠠᠵᠢᠯ ᠤᠨ ᠪᠠᠶᠢᠷᠢ ᠳᠠᠭᠠᠵᠤ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠬᠤᠲᠠ ᠶᠢᠨ ᠭᠤᠣᠯᠯᠠᠭᠴᠢ ᠪᠠᠭᠰᠢ ᠶᠢᠨ ᠦᠶᠡᠯᠡᠯ ᠤᠨ ᠴᠢᠨᠠᠷᠲᠠᠢ ᠪᠣᠯᠪᠠᠰᠤᠷᠠᠯ ᠢ ᠪᠦᠬᠦᠨ ᠢ ᠬᠠᠮᠤᠷᠠᠭᠤᠯᠬᠤ ᠶᠢ ᠦᠨᠡᠨ ᠬᠦ ᠪᠠᠲᠤᠯᠠᠵᠤ᠂ ᠬᠤᠲᠠ ᠶᠢᠨ ᠳᠡᠰ ᠤᠨ ᠨᠡᠷᠡᠲᠦ ᠪᠠᠭᠰᠢ 200᠂ ᠨᠡᠷᠡᠲᠦ ᠠᠩᠭᠢ ᠶᠢᠨ ᠡᠷᠬᠢᠯᠡᠭᠴᠢ 75᠂ ᠨᠡᠷᠡᠲᠦ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠶᠢᠨ ᠳᠠᠷᠤᠭ᠎ᠠ 40᠎ ᠶᠢ ᠬᠥᠮᠥᠵᠢᠭᠦᠯᠪᠡ᠃      ᠬᠦᠷᠢᠶ᠎ᠡ ᠴᠠᠷᠠᠭ᠎ᠠ ᠠᠯᠤᠰᠯᠠᠨ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠨᠢᠭᠲᠠᠷᠠᠨ ᠪᠦᠯᠬᠦᠮᠳᠡᠪᠡ᠃ ᠨᠢᠭᠡ ᠳᠤ᠂ ᠰᠤᠷᠭᠠᠨ ᠬᠥᠮᠥᠵᠢᠯ ᠤᠨ ᠬᠥᠮᠦᠨ ᠬᠡᠷᠡᠭᠯᠡᠬᠦ ᠶᠢ ᠡᠵᠡᠨ ᠮᠡᠳᠡᠬᠦ ᠴᠢᠳᠠᠪᠤᠷᠢ ᠶᠢ ᠴᠢᠩᠭᠠᠳᠬᠠᠪᠠ᠃ ᠣᠷᠣᠨ ᠲᠤᠭ᠎ᠠ ᠵᠢᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠥᠮᠦᠨ ᠬᠡᠷᠡᠭᠯᠡᠬᠦ ᠶᠢ ᠡᠵᠡᠨ ᠮᠡᠳᠡᠬᠦ ᠡᠷᠬᠡ ᠶᠢ ᠴᠢᠩᠭᠠᠷᠠᠭᠤᠯᠵᠤ᠂ ᠣᠷᠣᠨ ᠲᠤᠭ᠎ᠠ ᠶᠢᠨ ᠬᠠᠮᠢᠶᠠᠷᠤᠯᠲᠠ ᠬᠡᠲᠦᠷᠬᠡᠢ ᠦᠬᠦᠮᠡᠯ᠂ ᠬᠡᠷᠡᠭᠯᠡᠬᠦ ᠦᠷ᠎ᠡ ᠠᠰᠢᠭ ᠥᠨᠳᠥᠷ ᠪᠢᠰᠢ᠂ ᠰᠢᠨ᠎ᠡ ᠪᠠᠷ ᠤᠷᠢᠭᠰᠠᠨ ᠪᠠᠭᠰᠢ ᠬᠡᠷᠡᠭᠯᠡᠬᠦ ᠳᠤ ᠲᠣᠬᠢᠷᠠᠮᠵᠢ ᠦᠭᠡᠢ ᠮᠥᠷᠲᠡᠭᠡᠨ ᠪᠤᠴᠠᠭᠠᠬᠤ ᠳᠤ ᠪᠡᠷᠬᠡ ᠠᠰᠠᠭᠤᠳᠠᠯ ᠢ ᠰᠢᠢᠳᠪᠦᠷᠢᠯᠡᠪᠡ᠃ ᠣᠷᠣᠨ ᠲᠤᠭ᠎ᠠ ᠶᠢᠨ ᠰᠠᠯᠠᠭ᠎ᠠ ᠮᠥᠴᠢᠷ ᠰᠤᠷᠤᠭᠴᠢ ᠶᠢᠨ ᠢᠷᠡᠯᠲᠡ ᠶᠢᠨ ᠬᠤᠪᠢᠷᠠᠯᠲᠠ ᠶᠢ ᠦᠨᠳᠦᠰᠦᠯᠡᠨ ᠣᠷᠣᠨ ᠲᠤᠭ᠎ᠠ ᠶᠢᠨ ᠶᠡᠷᠦᠩᠬᠡᠢ ᠬᠡᠮᠵᠢᠶ᠎ᠡ ᠶᠢ ᠳᠠᠷᠤᠢ ᠳᠤ ᠨᠢ ᠲᠣᠬᠢᠷᠠᠭᠤᠯᠤᠨ ᠬᠥᠳᠡᠯᠦᠩᠭᠦᠢ ᠬᠢᠨᠠᠨ ᠲᠣᠭᠲᠠᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠤᠨ ᠪᠠᠶᠢᠷᠢ ᠶᠢᠨ ᠪᠦᠲᠦᠴᠡ ᠶᠢ ᠲᠣᠭᠲᠠᠭᠠᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠣᠷᠣᠨ ᠲᠤᠭ᠎ᠠ ᠪᠠ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠬᠤᠪᠢᠶᠠᠷᠢᠯᠠᠵᠤ᠂ ᠬᠡᠷᠡᠭᠴᠡᠭᠡ ᠶᠣᠰᠣᠭᠠᠷ ᠰᠤᠷᠭᠠᠭᠤᠯᠢ ᠠᠴᠠ ᠵᠣᠬᠢᠶᠠᠨ ᠪᠠᠶᠢᠭᠤᠯᠵᠤ ᠡᠵᠡᠨ ᠮᠡᠳᠡᠨ ᠤᠷᠢᠬᠤ ᠶᠢ ᠥᠷᠨᠢᠭᠦᠯᠵᠦ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ ᠶᠢ ᠪᠡᠶᠡᠯᠡᠭᠦᠯᠪᠡ᠃ ᠬᠤᠶᠠᠷ ᠲᠤ᠂ ᠬᠢᠷᠢ ᠪᠦᠲᠦᠮᠵᠢ ᠶᠢᠨ ᠴᠠᠯᠢᠩ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠭᠰᠢ ᠶᠢᠨ ᠴᠠᠯᠢᠩ ᠪᠠ ᠬᠠᠷᠠᠭᠠᠯᠵᠠᠯ ᠢ ᠢᠳᠡᠪᠬᠢᠲᠡᠢ ᠨᠡᠮᠡᠵᠦ᠂ ᠪᠠᠭᠰᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ 2023 ᠣᠨ ᠤ 9 ᠰᠠᠷ᠎ᠠ ᠠᠴᠠ ᠡᠬᠢᠯᠡᠨ᠂ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠠᠵᠢᠯ ᠤᠨ ᠬᠢᠷᠢ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠬᠢᠷᠢ ᠪᠦᠲᠦᠮᠵᠢ ᠶᠢᠨ ᠴᠠᠯᠢᠩ ᠤᠨ ᠰᠠᠭᠤᠷᠢ ᠪᠠᠷᠢᠮᠵᠢᠶ᠎ᠠ ᠶᠢᠨ 2 ᠳᠠᠬᠢᠨ ︵8 ᠲᠦᠮᠡᠨ ᠲᠥᠭᠦᠷᠢᠭ︶ ᠬᠦᠷᠲᠡᠯ᠎ᠡ ᠳᠡᠭᠡᠭᠰᠢᠯᠡᠭᠦᠯᠵᠦ᠂ ᠡᠭᠦᠨ ᠳᠤ ᠰᠢᠶᠠᠨ ᠤ ᠬᠡᠪᠴᠢᠶᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠠ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢ 2.5 ᠳᠠᠬᠢᠨ ︵10 ᠲᠦᠮᠡᠨ ᠲᠥᠭᠦᠷᠢᠭ︶ ᠪᠣᠯᠭᠠᠨ ᠳᠡᠭᠡᠭᠰᠢᠯᠡᠭᠦᠯᠵᠦ᠂ ᠬᠢᠷᠢ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠨᠢᠭᠡᠳᠦᠭᠡᠷ ᠹᠷᠣᠨᠲ ᠤᠨ ᠪᠠᠭᠰᠢ ᠲᠡᠶᠢᠰᠢ ᠬᠡᠯᠪᠠᠶᠢᠯᠭᠡᠬᠦ ᠶᠢ ᠪᠠᠷᠢᠮᠲᠠᠯᠠᠨ᠂ ᠪᠠᠭᠰᠢ ᠶᠢᠨ ᠠᠵᠢᠯ ᠤᠨ ᠢᠳᠡᠪᠬᠢᠵᠢᠯ ᠢ ᠭᠦᠢᠴᠡᠳ ᠳᠠᠶᠢᠴᠢᠯᠠᠪᠠ᠃ ᠭᠤᠷᠪᠠ ᠳᠤ᠂ ᠰᠤᠷᠭᠠᠨ ᠬᠥᠮᠦᠵᠢᠯ ᠤᠨ ᠣᠷᠣᠨ ᠵᠠᠢ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠰᠢᠯᠢᠳᠡᠭᠵᠢᠭᠦᠯᠪᠡ᠃ ᠬᠥᠭᠵᠢᠭᠦᠯᠦᠯᠲᠡ ᠥᠭᠡᠷᠡᠴᠢᠯᠡᠯᠲᠡ᠂ ᠲᠥᠯᠦᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠴᠢᠮ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠪᠡ᠃ ᠲᠥᠯᠥᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠰᠤᠷᠭᠠᠨ ᠬᠥᠮᠦᠵᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠢᠷᠡᠭᠡᠳᠦᠢ ᠶᠢᠨ ᠰᠤᠷᠭᠠᠭᠤᠯᠢ ᠶᠢᠨ ᠵᠠᠬᠢᠷᠤᠯ ᠰᠤᠷᠭᠠᠭᠤᠯᠢ ᠶᠢ ᠲᠥᠯᠦᠪᠵᠢᠭᠦᠯᠬᠦ ᠵᠢᠷᠤᠭ ᠲᠥᠯᠥᠪᠯᠡᠭᠡ ᠶᠢᠨ ᠪᠥᠬᠦ ᠶᠠᠪᠤᠴᠠ ᠳᠤ ᠣᠷᠣᠯᠴᠠᠵᠤ᠂ ᠡᠯ᠎ᠡ ᠵᠦᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠪᠠᠶᠡᠯᠡᠭᠦᠯᠪᠡ᠃      ᠰᠤᠷᠭᠠᠭᠤᠯᠢ ᠡᠷᠬᠢᠯᠡᠬᠦ ᠬᠠᠮᠢᠶᠠᠷᠤᠯᠲᠠ ᠶᠢ ︽ᠣᠯᠠᠨ ᠡᠰᠢᠵᠢᠬᠦᠯᠦᠨ ᠨᠡᠪᠲᠡᠷᠡᠭᠦᠯᠬᠦ︾ ᠲᠣᠭᠲᠠᠴᠠ ᠶᠢᠨ ᠰᠢᠨ᠎ᠡ ᠶᠢ ᠡᠭᠦᠳᠴᠦ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠪᠠᠶᠢᠭᠤᠯᠵᠤ ᠬᠠᠮᠲᠤ ᠎ ᠳᠤ ᠪᠠᠨ ᠬᠤᠪᠢᠶᠠᠯᠴᠠᠨ ᠡᠳ᠋ᠯᠡᠬᠦ ᠶᠢ ᠠᠬᠢᠭᠤᠯᠪᠠ᠃ ︽ᠬᠤᠰᠢᠭᠤ ᠲᠣᠭᠤᠷᠢᠭ ᠨᠢᠭᠡ ᠪᠦᠷᠢ ᠶᠢ ᠨᠢᠭᠡ ᠨᠡᠷᠡᠲᠦ ᠰᠤᠷᠭᠠᠭᠤᠯᠢ ᠬᠥᠲᠥᠯᠥᠨ ᠳᠠᠭᠠᠭᠤᠯᠬᠤ︾ ᠰᠡᠳᠬᠢᠮᠵᠢ ᠶᠣᠰᠣᠭᠠᠷ᠂ ᠬᠤᠲᠠ ᠶᠢᠨ ᠱᠠᠲᠤᠨ ᠠᠴᠠ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠵᠡᠷᠭᠡ ᠭᠠᠵᠠᠷ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠣᠷᠣᠭᠤᠯᠤᠨ ᠠᠪᠴᠢᠷᠠᠵᠤ᠂ ︽ᠨᠡᠷᠡᠲᠦ           ᠰᠤᠷᠭᠠᠭᠤᠯᠢ +︾ ᠰᠤᠷᠭᠠᠭᠤᠯᠢ ᠡᠷᠬᠢᠯᠡᠬᠦ ᠵᠠᠭᠪᠤᠷ ᠢ ᠪᠠᠶᠢᠭᠤᠯᠤᠨ᠂ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠣᠨᠣᠯᠵᠢᠬᠤᠨ᠂ ᠬᠢᠴᠢᠶᠡᠯ ᠤᠨ ᠳᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠴᠠ ᠪᠠ ᠰᠤᠷᠭᠠᠨ ᠬᠥᠮᠦᠵᠢᠯ ᠤᠨ ᠠᠮᠢ ᠠᠬᠤᠢ ᠶᠢ ᠳᠠᠬᠢᠨ ᠪᠤᠢ ᠪᠣᠯᠭᠠᠪᠠ᠃ ᠨᠢᠭᠡ ᠳᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷᠯᠢᠭ ᠮᠥᠷᠲᠡᠭᠡᠨ ᠣᠨᠴᠠᠯᠢᠭᠲᠤ ᠬᠥᠭᠵᠢᠯᠲᠡ ᠶᠢ ᠠᠬᠢᠭᠤᠯᠪᠠ᠃ ︽ᠣᠨᠴᠠᠯᠢᠭᠲᠤ ᠰᠢᠨᠵᠢᠯᠡᠭᠡᠨ ᠤ ᠰᠠᠯᠠᠭ᠎ᠠ + ᠣᠨᠴᠠᠯᠢᠭᠲᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ︾᠎ ᠶᠢᠨ ᠰᠤᠷᠭᠠᠭᠤᠯᠢ ᠡᠷᠬᠢᠯᠡᠬᠦ ᠵᠠᠭᠪᠤᠷ ᠢ ᠭᠦᠨᠵᠡᠭᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ 5%᠎ ᠶᠢᠨ ᠡᠵᠡᠨ ᠮᠡᠳᠡᠵᠦ ᠰᠤᠷᠤᠭᠴᠢ ᠡᠯᠰᠡᠬᠦ ᠲᠥᠯᠥᠪᠯᠡᠭᠡ ᠶᠢ ᠣᠯᠭᠤᠵᠤ᠂ ᠰᠢᠨᠵᠢᠯᠡᠭᠡᠨ ᠤ ᠰᠠᠯᠠᠭ᠎ᠠ ᠶᠢᠨ ᠣᠨᠴᠠ ᠴᠢᠳᠠᠪᠤᠷᠢᠲᠠᠨ ᠢ ᠰᠣᠩᠭᠤᠵᠤ᠂ ᠣᠷᠣᠨ ᠪᠦᠰᠡ ᠶᠢᠨ ᠴᠢᠨᠠᠷᠯᠢᠭ ᠶᠡᠭᠡ ᠰᠤᠷᠭᠠᠭᠤᠯᠢ ᠎ ᠲᠠᠢ ᠬᠤᠯᠪᠣᠭᠠᠯᠠᠨ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠲᠤᠷᠰᠢᠯᠲᠠ ᠶᠢᠨ ᠲᠠᠰᠤᠭ ᠢ ᠬᠠᠮᠲᠤ ᠳᠤ ᠪᠠᠨ ᠪᠠᠶᠢᠭᠤᠯᠵᠤ᠂ ︽ᠬᠤᠣᠰ ᠵᠢᠯᠣᠭᠤᠳᠣᠭᠴᠢ ᠪᠠᠭᠰᠢ ᠶᠢᠨ ᠳᠦᠷᠢᠮ︾᠎ ᠤᠨ ᠬᠥᠮᠦᠵᠢᠭᠦᠯᠬᠦ ᠵᠠᠭᠪᠤᠷ ᠢ ᠬᠡᠷᠡᠭᠯᠡᠨ᠂ ᠰᠤᠷᠤᠭᠴᠢ ᠶᠢᠨ ᠣᠯᠠᠨ ᠶᠠᠩᠵᠤᠴᠢᠯᠠᠭᠰᠠᠨ᠂ ᠴᠢᠨᠠᠷᠯᠢᠭ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠪᠠ᠃ ᠬᠤᠶᠠᠷ ᠲᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠪᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢᠨ ᠳᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠭᠤᠷᠪᠠᠨ ᠵᠢᠯ ᠤᠨ ᠰᠢᠪᠲᠤᠯᠤᠯᠲᠠ ᠶᠢᠨ ᠲᠥᠰᠦᠯ ᠢ ᠳᠠᠷᠤᠮᠠᠯᠯᠠᠨ ᠲᠠᠷᠬᠠᠭᠠᠵᠤ᠂ 2 ᠬᠤᠰᠢᠭᠤ ᠲᠣᠭᠤᠷᠢᠭ ᠨᠢᠭᠡᠨᠲᠡ ᠤᠯᠤᠰ ᠤᠨ ᠦᠨᠡᠯᠡᠨ ᠵᠢᠱᠢᠵᠦ ᠮᠠᠭᠠᠳᠯᠠᠨ ᠳᠣᠭᠲᠠᠭᠠᠬᠤ ᠳᠤ ᠬᠢᠷᠢ ᠲᠡᠩᠴᠡᠵᠦ᠂ 2026 ᠣᠨ ᠳᠤ ᠪᠦᠬᠦ ᠬᠤᠲᠠ ᠶᠢᠨ ᠡᠯ᠎ᠡ ᠬᠤᠰᠢᠭᠤ ᠲᠣᠭᠤᠷᠢᠭ ᠴᠥᠮ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠬᠦ ᠶᠢ ᠵᠣᠷᠢᠵᠤ ᠪᠣᠢ᠃ ᠵᠢᠯ ᠪᠦᠷᠢ ᠬᠤᠲᠠ ᠶᠢᠨ ᠭᠤᠣᠯ ᠲᠣᠭᠤᠷᠢᠭ ᠤᠨ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠪᠠ ᠨᠡᠷᠡᠲᠦ ᠰᠢᠯᠢᠳᠡᠭ ᠪᠠᠭᠰᠢ ᠶᠢ ᠰᠣᠩᠭᠤᠨ ᠲᠣᠮᠢᠯᠠᠵᠤ ᠠᠵᠢᠯ ᠲᠥᠷᠥᠯ ᠢᠶᠠᠷ ᠪᠠᠷᠠᠭᠤᠨ ᠬᠡᠰᠡᠭ ᠤᠨ ᠳᠥᠷᠪᠡᠨ ᠬᠤᠰᠢᠭᠤᠨ ᠤ ᠰᠤᠷᠭᠠᠨ ᠬᠥᠮᠦᠵᠢᠯ ᠢ ᠳᠡᠮᠵᠢᠵᠦ᠂ ᠰᠢᠯᠢᠳᠡᠭ ᠳᠡᠳ᠋ ᠵᠠᠬᠢᠷᠤᠯ ᠢ ᠪᠠᠷᠠᠭᠤᠨ ᠣᠷᠣᠨ ᠤ ᠳᠥᠷᠪᠡᠨ ᠬᠤᠰᠢᠭᠤᠨ ᠤ ᠵᠠᠬᠢᠷᠤᠯ ᠲᠠᠢ ᠰᠣᠯᠪᠢᠴᠠᠭᠤᠯᠤᠨ ᠲᠤᠰᠢᠶᠠᠯ ᠡᠭᠦᠷᠭᠡᠯᠡᠭᠦᠯᠬᠦ ᠠᠵᠢᠯ ᠢ ᠥᠷᠨᠢᠭᠦᠯᠵᠦ᠂ ᠣᠷᠣᠨ ᠪᠦᠰᠡ ᠠᠯᠤᠰᠯᠠᠨ ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ ᠪᠠᠭᠰᠢ ᠶᠢ ᠬᠠᠷᠢᠯᠴᠠᠨ ᠲᠣᠮᠢᠯᠠᠬᠤ᠂ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ᠂ ᠨᠢᠭᠡᠳᠦᠯᠲᠡᠢ ᠵᠢᠭᠠᠨ ᠰᠤᠷᠭᠠᠬᠤ᠂ ᠬᠠᠮᠲᠤ ᠳᠤ ᠪᠠᠨ ᠬᠢᠨᠠᠨ ᠰᠢᠯᠭᠠᠬᠤ ᠶᠢ ᠬᠡᠷᠡᠭᠵᠢᠭᠦᠯᠵᠦ᠂ ᠪᠦᠬᠦ ᠬᠤᠲᠠ ᠶᠢᠨ ᠬᠡᠪᠴᠢᠶᠡᠨ ᠳᠤ ᠵᠡᠷᠭᠡ ᠪᠠᠷ ᠴᠢᠨᠠᠷᠯᠢᠭ ᠲᠡᠩᠴᠡᠭᠦᠷᠢᠲᠡᠢ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠪᠠ᠃ ᠬᠢᠶ᠎ᠠ ᠪᠠᠭᠰᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠯᠤᠭ᠎ᠠ ᠬᠤᠷᠰᠢᠶᠠᠯᠠᠭᠰᠠᠨ ᠬᠠᠩᠭᠢᠨ ᠬᠤᠰᠢᠭᠤᠨ ᠤ ᠵᠢᠷᠭᠠᠯᠲᠤ ᠪᠠᠭ᠎ᠠ ᠰᠤᠷᠭᠠᠭᠤᠯᠢ ᠶᠢᠨ ᠬᠤᠶᠠᠷ ᠵᠢᠯ ᠤᠨ ᠳᠣᠲᠣᠷᠠᠬᠢ ᠣᠯᠠᠨ ᠵᠦᠢᠯ ᠤᠨ ᠵᠢᠭᠠᠨ ᠰᠤᠷᠭᠠᠯᠲᠠ ᠶᠢᠨ ᠭᠦᠢᠴᠡᠳᠬᠡᠯ ᠲᠤᠭ᠎ᠠ ᠬᠤᠲᠠ ᠶᠢᠨ ᠲᠣᠭᠤᠷᠢᠭ ᠤᠨ ᠰᠤᠷᠭᠠᠭᠤᠯᠢ ᠠᠴᠠ ᠳᠠᠪᠠᠭᠤᠯᠢᠭ ᠪᠠᠶᠢᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ ᠭᠤᠷᠪᠠ ᠳᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷᠯᠢᠭ ᠲᠥᠭᠡᠮᠡᠯ ᠬᠠᠷᠠᠭᠠᠯᠵᠠᠯ ᠤᠨ ᠬᠥᠭᠵᠢᠯᠲᠡ ᠶᠢ ᠠᠬᠢᠭᠤᠯᠪᠠ᠃ ᠲᠦᠭᠡᠮᠡᠯ ᠬᠠᠷᠠᠭᠠᠯᠵᠠᠯᠲᠤ  ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠵᠦ᠂ ︽ᠨᠢᠭᠡ ᠭᠠᠵᠠᠷ ᠨᠢᠭᠡ ᠪᠣᠳᠣᠯᠭ᠎ᠠ︾᠂ ︽ᠨᠢᠭᠡ ᠰᠤᠷᠭᠠᠭᠤᠯᠢ ᠨᠢᠭᠡ           ᠲᠥᠰᠦᠯ︾᠎ ᠤᠨ ᠡᠭᠦᠳᠦᠨ ᠪᠠᠶᠢᠭᠤᠯᠬᠤ ᠲᠥᠰᠦᠯ ᠢ ᠲᠣᠭᠲᠠᠭᠠᠵᠤ᠂ 3 ᠬᠤᠰᠢᠭᠤ ᠨᠢᠭᠡᠨᠲᠡ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠰᠢᠶᠠᠨ ᠢ ᠪᠠᠶᠢᠭᠤᠯᠵᠤ᠂ 2027 ᠣᠨ ᠪᠣᠯᠬᠤ ᠳᠤ ᠪᠦᠬᠦ ᠬᠤᠲᠠ ᠶᠢᠨ ᠡᠯ᠎ᠡ ᠬᠤᠰᠢᠭᠤ ᠲᠣᠭᠤᠷᠢᠭ ᠴᠥᠮ ᠰᠢᠯᠭᠠᠨ ᠠᠪᠬᠤ ᠳᠤ ᠬᠢᠷᠢ ᠲᠡᠩᠴᠡᠬᠦ ᠶᠢ ᠵᠣᠷᠢᠵᠤ ᠪᠣᠢ᠃      ᠳᠠᠷᠠᠭ᠎ᠠ ᠠᠯᠬᠤᠮ ᠳᠤ᠂ ᠣᠷᠳᠣᠰ ᠬᠤᠲᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠬᠤᠲᠠ ᠰᠢᠶᠠᠨ ᠢ ᠤᠶᠠᠯᠳᠤᠭᠤᠯᠤᠭᠰᠠᠨ ᠰᠠᠭᠤᠷᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠬᠤᠲᠠ ᠶᠢᠨ ᠱᠠᠲᠤᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠨ ᠪᠦᠰᠡ ᠠᠯᠤᠰᠯᠠᠨ ᠲᠣᠬᠢᠷᠠᠭᠤᠯᠬᠤ᠂ ᠬᠠᠮᠢᠶᠠᠷᠬᠤ ᠺᠠᠳ᠋ᠷ ᠢ ᠰᠣᠩᠭᠤᠨ ᠬᠡᠷᠡᠭᠯᠡᠬᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢᠨ ᠵᠢᠷᠤᠮᠵᠢᠯ ᠵᠡᠷᠭᠡ ᠲᠠᠯ᠎ᠠ ᠪᠠᠷ ᠬᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠥᠬᠦ ᠰᠤᠷᠤᠯᠭ᠎ᠠ ᠶᠢᠨ ᠱᠠᠲᠤ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠲᠣᠭᠲᠠᠴᠠ᠂ ᠪᠠᠷᠠᠭᠤᠨ ᠣᠷᠣᠨ ᠤ ᠳᠥᠷᠪᠡᠨ ᠬᠤᠰᠢᠭᠤᠨ ᠤ ᠪᠠᠭ᠎ᠠ ᠠᠩᠭᠢ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠰᠢᠶᠠᠨ ᠤ ᠬᠡᠪᠴᠢᠶᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ︽ᠬᠤᠲᠠ ᠬᠠᠮᠢᠶᠠᠷᠴᠤ ᠰᠤᠷᠭᠠᠭᠤᠯᠢ ᠤᠷᠢᠬᠤ︾᠂ ︽ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ︾᠎ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠭᠤᠣᠯᠳᠠᠯᠭ᠎ᠠ ᠲᠠᠢ ᠠᠬᠢᠭᠤᠯᠵᠤ᠂ ᠬᠤᠲᠠ ᠶᠢᠨ ᠪᠦᠬᠦ ᠣᠷᠴᠢᠨ ᠤ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠰᠢᠨ᠎ᠡ ᠲᠣᠭᠲᠠᠴᠠ ᠶᠢ ᠬᠦᠴᠦᠯᠡᠨ ᠪᠠᠶᠢᠭᠤᠯᠵᠤ᠂ ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠤᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号