ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/5/27
      5 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠎ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠎ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠦᠢᠯᠡᠳᠦᠯ ᠴᠢᠳᠠᠪᠬᠢ ᠶᠢᠨ ᠪᠠᠶᠢᠷᠢ ᠲᠣᠭᠲᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠲᠤ ᠡᠵᠡᠮᠳᠡᠵᠦ᠂ ᠥᠪᠥᠷ ᠮᠣᠩᠭᠤᠯ ᠤᠨ ᠣᠨᠴᠠᠯᠢᠭ ᠪᠠ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠰᠢᠰᠲ᠋ᠧᠮ ᠲᠠᠢ ᠤᠬᠠᠭᠠᠯᠠᠨ ᠲᠥᠯᠥᠪᠯᠡᠵᠦ᠂ ᠡᠯ᠎ᠡ ᠲᠥᠷᠥᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠢᠨᠵᠧᠨᠧᠷᠢᠩ ᠤᠨ ᠲᠥᠷᠥᠯ ᠵᠦᠢᠯ ᠢ ᠵᠣᠬᠢᠰᠲᠠᠢ ᠲᠥᠯᠥᠪᠵᠢᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠲᠦᠭᠵᠢᠷᠡᠯ ᠴᠡᠭ ᠬᠤᠷᠢᠭ᠎ᠠ ᠴᠡᠭ ᠲᠤ ᠠᠩᠬᠠᠷᠤᠯ ᠢᠶᠠᠨ ᠲᠥᠪᠯᠡᠷᠡᠭᠦᠯᠦᠨ ᠠᠰᠠᠭᠤᠳᠠᠯ ᠢ ᠰᠤᠳᠤᠯᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠴᠢᠨᠠᠷ ᠰᠠᠶᠢᠲᠠᠢ ᠰᠠᠶᠢᠲᠤᠷ ᠨᠠᠶᠢᠷᠠᠭᠤᠯᠤᠨ ᠵᠣᠬᠢᠶᠠᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠵᠦᠢᠯᠡᠰ ᠪᠣᠯᠣᠨ ᠨᠢᠭᠡᠨᠲᠡ ᠣᠯᠣᠭᠰᠠᠨ ᠰᠤᠳᠤᠯᠭᠠᠨ ᠤ ᠦᠷ᠎ᠡ ᠳ᠋ᠦᠩ ᠢ ᠭᠦᠢᠴᠡᠳ ᠰᠢᠩᠭᠡᠬᠡᠨ ᠠᠪᠴᠤ᠂ ᠨᠠᠩ ᠣᠯᠠᠨ ᠲᠥᠷᠥᠯ ᠵᠦᠢᠯ ᠢ ᠤᠯᠤᠰ ᠤᠨ ︽ᠶᠡᠭᠡ ᠲᠠᠯ᠎ᠠ︾᠎ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠡᠭᠦᠳᠡ ᠪᠠᠨ ᠨᠡᠭᠡᠭᠡᠵᠦ ᠲᠥᠯᠦᠪᠵᠢᠭᠦᠯᠭᠡ ᠬᠢᠬᠦ ᠶᠢ ᠪᠠᠷᠢᠮᠲᠠᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠰᠢᠩᠭᠡᠬᠡᠨ ᠠᠪᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ           ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠭᠤᠶᠢᠪᠢᠰᠢ ᠦᠭᠡᠢ ᠴᠢᠩᠭ᠎ᠠ ᠠᠳᠬᠤᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ︽ᠲᠠᠪᠤᠨ ᠶᠡᠭᠡ ᠡᠭᠦᠷᠭᠡ︾ ᠵᠢᠴᠢ           ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾᠎ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ᠂ ᠬᠡᠲᠦᠷᠡᠲᠡᠯ᠎ᠡ ᠮᠠᠯᠵᠢᠵᠤ ᠬᠡᠲᠦᠷᠡᠲᠡᠯ᠎ᠡ ᠮᠠᠯᠲᠠᠬᠤ ᠵᠡᠷᠭᠡ ᠨᠡᠶᠢᠭᠡᠮ ᠤᠨ ᠡᠷᠦᠢ ᠬᠤᠷᠤᠢ ᠦᠭᠡᠢ ᠦᠵᠡᠭᠳᠡᠯ ᠢ ᠬᠦᠴᠦᠲᠡᠢ ᠴᠡᠭᠴᠡᠯᠡᠨ ᠵᠠᠰᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯᠭᠦᠢ ᠦᠢᠯᠡᠳᠪᠦᠷᠢᠯᠡᠯ᠂ ᠨᠤᠲᠤᠭ ᠪᠡᠯᠴᠢᠭᠡᠷ ᠤᠢ ᠰᠢᠭᠤᠢ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠪᠣᠯᠣᠨ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠡᠮᠳᠡᠭᠴᠦᠳ ᠤᠨ ᠠᠵᠢᠯ ᠪᠣᠯᠣᠨ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠮᠠᠨ ᠎ ᠤ ᠣᠷᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠰᠡᠷᠭᠡᠭ ᠢᠶᠠᠷ ᠲᠠᠨᠢᠵᠤ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠢ ᠲᠠᠯ᠎ᠠ ᠶᠢ ᠰᠡᠷᠭᠡᠭ ᠢᠶᠠᠷ ᠲᠠᠨᠢᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠣᠶᠢᠷᠠᠲᠤᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠳᠬᠤᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠠᠵᠤ ᠦᠢᠯᠡᠰ ᠢ ᠪᠤᠵᠠᠭᠠᠶᠢᠷᠠᠭᠤᠯᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠵᠤ ᠳᠠᠶᠢᠴᠢᠯᠠᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠵᠤ᠂ ᠬᠠᠮᠲᠤ ᠶᠢᠨ ᠠᠵᠤ ᠠᠬᠤᠢ ᠶᠢ ᠲᠦᠷᠭᠡᠳᠬᠡᠨ ᠪᠤᠵᠠᠭᠠᠶᠢᠷᠠᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠤ ᠭᠠᠳᠠᠭᠰᠢ ᠭᠠᠷᠴᠤ ᠠᠵᠢᠯ ᠬᠢᠬᠦ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ ᠶᠢ ᠶᠡᠭᠡ ᠪᠠᠷ ᠶᠠᠪᠤᠭᠤᠯᠵᠤ᠂ ᠠᠷᠭ᠎ᠠ ᠪᠦᠭᠦᠨ ᠢ ᠰᠦᠪᠡᠭᠴᠢᠯᠡᠵᠦ ᠮᠠᠯᠴᠢᠨ ᠲᠠᠷᠢᠶᠠᠴᠢᠨ ᠤ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠡᠷᠦᠭᠡ᠂ ᠶᠠᠳᠠᠭᠤ ᠬᠦᠴᠢᠷᠳᠡᠯᠲᠡᠢ ᠡᠷᠦᠭᠡ ᠶᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠰᠠᠶᠢᠲᠤᠷ ᠬᠢᠵᠦ᠂ ᠤᠯᠤᠰ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠡᠷᠲᠡᠬᠡᠨ ᠰᠤᠳᠤᠯᠤᠨ ᠤᠬᠠᠭᠠᠯᠠᠨ ᠲᠥᠯᠥᠪᠯᠡᠬᠦ ᠬᠡᠷᠡᠭᠲᠡᠢ᠃ ᠨᠥᠬᠦᠪᠦᠷᠢ ᠮᠥᠩᠭᠦ ᠲᠠᠷᠬᠠᠭᠠᠬᠤ ᠶᠢ ᠵᠢᠷᠤᠮᠵᠢᠭᠤᠯᠵᠤ᠂ ᠲᠣᠬᠢᠷᠠᠭᠤᠯᠤᠯᠲᠠ ᠬᠢᠬᠦ ᠶᠣᠰᠣᠲᠠᠢ ᠶᠢ ᠨᠢ ᠱᠠᠯᠠᠪᠳᠠᠨ ᠲᠣᠬᠢᠷᠠᠭᠤᠯᠤᠯᠲᠠ ᠬᠢᠵᠦ᠂ ᠨᠥᠬᠦᠪᠦᠷᠢ ᠮᠥᠩᠭᠦ ᠲᠠᠷᠬᠠᠭᠠᠬᠤ ᠳᠠᠭᠠᠨ ᠲᠥᠷᠥ ᠶᠢᠨ ᠪᠣᠳᠣᠯᠭ᠎ᠠ ᠶᠢᠨ ᠲᠣᠭᠲᠠᠭᠠᠭᠰᠠᠨ ᠤᠭ ᠰᠠᠨᠠᠭ᠎ᠠ ᠠᠴᠠ ᠵᠥᠷᠢᠴᠡᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠪᠠᠶᠢᠪᠠᠰᠤ ᠵᠣᠬᠢᠬᠤ ᠤᠷᠮᠠᠰᠢᠭᠤᠯᠤᠨ ᠵᠣᠷᠢᠭᠵᠢᠭᠤᠯᠵᠤ ᠵᠢᠯᠤᠭᠤᠳᠬᠤ ᠦᠢᠯᠡᠳᠦᠯ ᠢ ᠨᠢ ᠦᠨᠡᠨ ᠬᠦ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号