ᠮᠠᠨᠵᠤᠤᠷ ᠬᠤᠲᠠ᠄ ᠣᠯᠠᠨ ᠡᠲᠡᠭᠡᠳ ᠤᠨ ᠬᠢᠨ ᠬᠤᠯᠪᠤᠯᠳᠤᠨ ᠬᠥᠳᠡᠯᠦᠯᠴᠡᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠵᠣᠭᠰᠣᠬᠤ ᠶᠢ ᠬᠤᠷᠢᠭᠯᠠᠨ ᠰᠤᠷᠤᠯᠭ᠎ᠠ ᠶᠢ ᠪᠠᠲᠤᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/5/28
      ᠣᠶᠢᠷ᠎ᠠ ᠶᠢᠨ ᠵᠢᠯ᠂ ᠮᠠᠨᠵᠤᠤᠷ ᠬᠤᠲᠠ ᠨᠥᠬᠦᠴᠡᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠵᠠᠰᠠᠪᠤᠷᠢ ᠣᠷᠣᠭᠤᠯᠵᠤ᠂ ᠡᠷᠳᠡᠮ ᠤᠨ ᠴᠣᠯᠠ ᠶᠢᠨ ᠬᠠᠩᠭᠠᠯᠭ᠎ᠠ ᠶᠢ ᠪᠠᠲᠤᠯᠠᠨ᠂ ᠬᠠᠯᠠᠮᠵᠢᠯᠠᠨ ᠬᠠᠶᠢᠷᠠᠯᠠᠬᠤ ᠡᠷᠴᠢᠮ ᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠰᠤᠷᠤᠯᠭ᠎ᠠ ᠪᠠᠨ ᠵᠣᠭᠰᠣᠬᠤ ᠶᠢ ᠬᠤᠷᠢᠭᠯᠠᠨ ᠰᠤᠷᠤᠯᠭ᠎ᠠ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠬᠤᠯᠪᠤᠯᠳᠤᠨ ᠬᠥᠳᠡᠯᠦᠯᠴᠡᠬᠦ ᠬᠠᠮ ᠬᠦᠴᠦᠨ ᠢ ᠪᠣᠢ ᠪᠣᠯᠭᠠᠨ᠂ ︽ᠲᠡᠭ ᠰᠤᠷᠤᠯᠭ᠎ᠠ ᠪᠠᠨ ᠵᠣᠭᠰᠣᠬᠤ︾᠎ ᠶᠢ ᠪᠠᠲᠤᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠡᠷᠬᠡ ᠲᠡᠭᠰᠢ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠦᠨᠡᠨ ᠬᠦ ᠪᠠᠲᠤᠯᠠᠪᠠ᠃      ᠪᠠᠲᠤᠯᠠᠭ᠎ᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠳᠡᠰ ᠳᠠᠷᠠᠭᠠᠯᠠᠯ ᠢ ᠵᠢᠷᠤᠮᠵᠢᠭᠤᠯᠪᠠ ᠃ ᠡᠷᠳᠡᠮ ᠤᠨ ᠴᠣᠯᠠ ᠶᠢᠨ ᠬᠠᠩᠭᠠᠯᠭ᠎ᠠ ᠶᠢ ᠭᠦᠢᠴᠡᠳ ᠪᠠᠲᠤᠯᠠᠬᠤ ᠶᠢᠨ ᠲᠥᠯᠦᠭᠡ᠂ ᠮᠠᠨᠵᠤᠤᠷ ᠬᠤᠲᠠ 2023 - 2025 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠯᠠᠭᠤᠯᠤᠯᠲᠠ ᠶᠢᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠠᠰᠠᠪᠤᠷᠢ ᠣᠷᠣᠭᠤᠯᠵᠤ᠂ ᠬᠥᠮᠦᠨ ᠠᠮᠠ ᠶᠢᠨ ᠬᠤᠪᠢᠷᠠᠯᠲᠠ ᠲᠠᠢ ᠵᠣᠬᠢᠴᠠᠭᠰᠠᠨ ᠣᠯᠠᠨ ᠨᠡᠶᠢᠲᠡ ᠎ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠬᠠᠩᠭᠠᠬᠤ ᠲᠣᠭᠲᠠᠴᠠ ᠶᠢ ᠢᠳᠡᠪᠬᠢᠲᠡᠢ ᠪᠠᠶᠢᠭᠤᠯᠤᠨ᠂ ᠣᠶᠢᠷ᠎ᠠ ᠬᠠᠪᠢ ᠪᠠ ᠬᠠᠷᠢᠴᠠᠩᠭᠤᠢ ᠣᠶᠢᠷ᠎ᠠ ᠬᠠᠪᠢ ᠶᠢᠨ ᠰᠤᠷᠭᠠᠭᠤᠯᠢ ᠳᠤ ᠣᠷᠣᠬᠤ ᠶᠢ ᠦᠨᠡᠨ ᠬᠦ ᠪᠠᠲᠤᠯᠠᠵᠤ᠂ ᠨᠡᠭᠦᠳᠡᠯ ᠬᠥᠮᠦᠨ ᠠᠮᠠ ᠶᠢᠨ ᠦᠷ᠎ᠡ ᠬᠡᠦᠬᠡᠳ ᠰᠤᠷᠭᠠᠭᠤᠯᠢ ᠳᠤ ᠣᠷᠣᠵᠤ ᠰᠤᠷᠭᠠᠭᠤᠯᠢ ᠳᠡᠪᠰᠢᠬᠦ ᠪᠣᠯᠤᠨ ᠬᠤᠲᠠ ᠶᠢᠨ ᠬᠢᠨ ᠲᠠᠢ ᠠᠳᠠᠯᠢ ᠬᠠᠷᠠᠭᠠᠯᠵᠠᠯ ᠭᠦᠷᠲᠡᠬᠦ ᠶᠢ ᠪᠠᠲᠤᠯᠠᠪᠠ᠃ ᠡᠭᠦᠨ ᠠᠴᠠ ᠭᠠᠳᠠᠨ᠎ᠠ᠂ ᠬᠥᠳᠡᠯᠦᠩᠭᠦᠢ ᠬᠢᠨᠠᠨ ᠪᠠᠶᠢᠴᠠᠭᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠬᠠᠷᠢᠶᠠᠯᠠᠯ ᠤᠨ ᠡᠳᠦᠷ ᠲᠤᠲᠤᠮ ᠤᠨ ᠲᠤᠭ᠎ᠠ ᠪᠠᠷᠢᠮᠲᠠ ᠶᠢ ᠰᠢᠨᠡᠳᠬᠡᠬᠦ ᠵᠢᠴᠢ ᠬᠠᠮᠢᠶᠠᠷᠬᠤ ᠶᠢ ᠵᠢᠷᠤᠮᠵᠢᠭᠤᠯᠵᠤ᠂ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭᠠᠬᠤ᠂ ᠰᠤᠷᠤᠯᠭ᠎ᠠ ᠪᠠᠨ ᠲᠦᠷ ᠵᠣᠭᠰᠤᠬᠤ᠂ ᠰᠤᠷᠤᠯᠭ᠎ᠠ ᠪᠠᠨ ᠰᠡᠷᠭᠦᠭᠡᠬᠦ ᠵᠡᠷᠭᠡ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠡᠵᠡᠮᠰᠢᠨ᠂ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠪᠦᠷᠢᠨ ᠭᠦᠢᠴᠡᠳ᠂ ᠭᠠᠷ ᠭᠦᠢᠴᠡᠳᠬᠡᠯ ᠪᠦᠷᠢᠨ ᠲᠡᠭᠦᠯᠳᠡᠷ᠂ ᠠᠵᠢᠯᠯᠠᠬᠤ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠵᠦ᠂ ᠰᠤᠷᠭᠠᠭᠤᠯᠢ ᠳᠤ ᠪᠠᠶᠢᠭ᠎ᠠ ᠪᠣᠳᠠᠲᠠᠢ ᠬᠥᠮᠦᠨ ᠤ ᠲᠤᠭ᠎ᠠ ᠶᠢ ᠴᠠᠭ ᠲᠤᠬᠠᠢ ᠳᠤ ᠨᠢ ᠡᠵᠡᠮᠰᠢᠨ᠂ ᠡᠯ᠎ᠡ ᠰᠤᠷᠭᠠᠭᠤᠯᠢ ᠶᠢ ᠰᠠᠷ᠎ᠠ ᠪᠦᠷᠢ ᠰᠤᠷᠤᠭᠴᠢᠳ ᠤᠨ ᠰᠤᠷᠭᠠᠭᠤᠯᠢ ᠎ ᠶᠢᠨ ᠬᠠᠷᠢᠶᠠᠯᠠᠯ ᠤᠨ ᠬᠤᠪᠢᠷᠠᠯᠲᠠ ᠶᠢᠨ ᠪᠠᠶᠢᠳᠠᠯ ᠤᠨ ᠬᠦᠰᠦᠨᠦᠭᠲᠦ ᠶᠢ ᠳᠡᠭᠡᠭᠰᠢ ᠮᠡᠳᠡᠭᠦᠯᠵᠦ᠂ ᠰᠤᠷᠤᠯᠭ᠎ᠠ ᠎ ᠪᠠᠨ ᠵᠣᠭᠰᠣᠭᠰᠠᠨ ᠰᠤᠷᠤᠭᠴᠢ ᠶᠢ ᠴᠢᠩᠭ᠎ᠠ ᠠᠩᠬᠠᠷᠴᠤ᠂ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ᠂ ᠲᠤᠰᠬᠠᠢ ᠪᠠᠶᠢᠴᠠᠭᠠᠬᠤ᠂ ︽ᠪᠤᠴᠠᠨ ᠬᠠᠷᠠᠬᠤ︾ ᠵᠡᠷᠭᠡ ᠠᠷᠭ᠎ᠠ ᠮᠠᠶ᠋ᠢᠭ ᠎ ᠢᠶᠠᠷ ᠰᠤᠷᠭᠠᠭᠤᠯᠢ ᠶᠢᠨ ᠬᠠᠷᠢᠶᠠᠯᠠᠯ ᠢ ᠬᠢᠨᠠᠨ ᠪᠠᠶᠢᠴᠠᠭᠠᠵᠤ᠂ ᠰᠤᠷᠤᠭᠴᠢ ᠪᠠ ᠬᠠᠷᠢᠶᠠᠯᠠᠯ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ ᠰᠤᠷᠤᠭᠴᠢ ᠶᠢᠨ ︽ᠨᠡᠷ᠎ᠡ ᠨᠢ ᠪᠠᠶᠢᠭᠠᠳ ᠬᠥᠮᠦᠨ ᠨᠢ ᠪᠠᠶᠢᠬᠤ ᠦᠭᠡᠢ︾ ᠰᠤᠷᠭᠠᠭᠤᠯᠢ ᠶᠢᠨ ᠰᠤᠷᠭᠠᠨ ᠬᠥᠮᠦᠵᠢᠯ ᠪᠠ ᠬᠠᠮᠢᠶᠠᠷᠤᠯᠲᠠ ᠠᠴᠠ ᠰᠠᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃      ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠰᠤᠷᠤᠭᠴᠢᠳ ᠤᠨ ᠡᠬᠡ ᠳᠠᠩᠰᠠ ᠶᠢ ᠲᠡᠭᠦᠯᠳᠡᠷᠵᠢᠭᠦᠯᠪᠡᠣᠨᠴᠠᠭᠠᠢ ᠪᠠᠶᠢᠳᠠᠯ ᠲᠠᠢ ᠰᠤᠷᠤᠭᠴᠢᠳ ᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠵᠦ᠂ ᠰᠡᠳᠬᠢᠴᠡ ᠶᠢᠨ ᠠᠰᠠᠭᠤᠳᠠᠯ ᠲᠠᠢ ᠰᠤᠷᠤᠭᠴᠢ᠂ ᠭᠡᠷ ᠲᠤ ᠪᠠᠨ ᠦᠯᠡᠳᠡᠭᠰᠡᠨ ᠬᠡᠦᠬᠡᠳ᠂ ᠳᠠᠭᠠᠵᠤ ᠨᠡᠭᠦᠵᠦ ᠢᠷᠡᠭᠰᠡᠨ ᠬᠡᠦᠬᠡᠳ᠂ ᠠᠵᠤ ᠠᠬᠤᠢ ᠨᠢ ᠬᠦᠴᠢᠷᠳᠡᠯᠲᠡᠢ ᠭᠡᠷ ᠪᠦᠯᠢ ᠶᠢᠨ ᠬᠡᠦᠬᠡᠳ ᠵᠡᠷᠭᠡ ᠰᠤᠷᠤᠭᠴᠢᠳ ᠤᠨ ᠪᠠᠶᠢᠳᠠᠯ ᠢ ᠨᠠᠷᠢᠨ ᠨᠢᠮᠪᠠᠢ ᠤᠶᠢᠯᠠᠭᠠᠨ ᠵᠢᠭᠰᠠᠭᠠᠵᠤ᠂ ᠣᠨᠴᠠᠭᠠᠢ ᠪᠠᠶᠢᠳᠠᠯ ᠲᠠᠢ ᠰᠤᠷᠤᠭᠴᠢ ᠶᠢ ᠲᠥᠷᠥᠯ ᠬᠤᠪᠢᠶᠠᠬᠤ ᠡᠬᠡ ᠳᠠᠩᠰᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ︽ᠨᠢᠭᠡ ᠪᠠᠷ ᠨᠢᠭᠡ ᠶᠢ ᠳᠠᠭᠠᠭᠤᠯᠬᠤ᠂ ᠨᠢᠭᠡ ᠪᠠᠷ ᠣᠯᠠᠨ ᠢ           ᠳᠠᠭᠠᠭᠤᠯᠬᠤ︾ ᠬᠠᠪᠰᠤᠷᠤᠨ ᠲᠡᠳᠬᠦᠬᠦ ᠠᠵᠢᠯ ᠢ ᠨᠠᠶᠢᠳᠠᠪᠤᠷᠢᠵᠢᠭᠤᠯᠪᠠ᠃ ᠰᠤᠷᠤᠯᠭ᠎ᠠ ᠪᠠᠨ ᠵᠣᠭᠰᠣᠬᠤ᠂ ᠰᠤᠷᠤᠯᠭ᠎ᠠ ᠪᠠᠨ ᠵᠣᠭᠰᠣᠬᠤ ᠰᠡᠵᠢᠭᠯᠡᠯ ᠲᠠᠢ᠂ ᠰᠤᠷᠤᠯᠭ᠎ᠠ ᠪᠠᠨ ᠨᠢᠭᠡ ᠵᠢᠯ ᠠᠴᠠ ᠳᠡᠭᠡᠭᠰᠢ ᠲᠦᠷ ᠵᠣᠭᠰᠤᠭᠰᠠᠨ ᠵᠢᠴᠢ ᠰᠤᠷᠤᠯᠭ᠎ᠠ ᠪᠠᠨ ᠵᠣᠭᠰᠤᠬᠤ ᠲᠦᠭᠰᠢᠭᠦᠷᠢ ᠲᠠᠢ ᠪᠤᠰᠤᠳ ᠰᠤᠷᠤᠭᠴᠢᠳ ᠲᠤ ᠬᠠᠨᠳᠤᠭᠤᠯᠤᠨ᠂ ︽ᠨᠢᠭᠡ ᠰᠤᠷᠤᠭᠴᠢ ᠨᠢᠭᠡ ᠳᠠᠩᠰᠠ ᠡᠪᠬᠡᠮᠡᠯ︾ ᠎ ᠢ ᠪᠠᠶᠢᠭᠤᠯᠵᠤ᠂ ᠰᠤᠷᠤᠯᠭ᠎ᠠ ᠪᠠᠨ ᠵᠣᠭᠰᠣᠭᠰᠠᠨ ᠰᠤᠷᠤᠭᠴᠢᠳ ᠲᠤ ᠴᠢᠭᠯᠡᠭᠦᠯᠦᠨ᠂ ᠤᠲᠠᠰᠤ ᠨᠡᠪᠲᠡᠷᠡᠬᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠭᠡᠷ ᠲᠤ ᠨᠢ ᠬᠦᠷᠴᠦ ᠭᠡᠷ ᠪᠦᠯᠢ ᠶᠢᠨ ᠰᠤᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠨᠢᠭᠡ ᠬᠥᠮᠦᠨ ᠨᠢᠭᠡ ᠬᠡᠷᠡᠭ︾᠎ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃ ᠵᠡᠮᠳᠡᠭ ᠰᠤᠷᠤᠭᠴᠢᠳ ᠤᠨ ᠰᠤᠷᠭᠠᠭᠤᠯᠢ ᠳᠤ ᠣᠷᠣᠬᠤ ᠶᠣᠰᠣᠲᠠᠢ ᠶᠢ ᠪᠦᠬᠦᠨ ᠢ ᠣᠷᠣᠭᠤᠯᠬᠤ ᠶᠢ ᠪᠠᠲᠤᠯᠠᠨ᠂ ᠵᠡᠮᠳᠡᠭᠴᠦᠳ ᠤᠨ ᠬᠤᠯᠪᠣᠭ᠎ᠠ ᠯᠤᠭ᠎ᠠ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠰᠠᠶᠢᠲᠤᠷ ᠬᠢᠵᠦ᠂ ᠨᠠᠷᠢᠯᠢᠭ ᠣᠨᠣᠴᠠᠲᠠᠢ ᠡᠬᠡ ᠳᠠᠩᠰᠠ ᠪᠠᠶᠢᠭᠤᠯᠤᠨ᠂ ᠠᠩᠭᠢ ᠳᠠᠭᠠᠵᠤ ᠰᠤᠷᠤᠯᠴᠠᠬᠤ᠂ ᠰᠤᠷᠭᠠᠨ ᠬᠥᠮᠦᠵᠢᠯ ᠢ ᠭᠡᠷ ᠲᠤ ᠨᠢ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭ ᠬᠡᠦᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ ᠦᠨᠡᠨ ᠬᠦ ᠪᠠᠲᠤᠯᠠᠪᠠ᠃ ᠪᠡᠶ᠎ᠡ ᠮᠠᠬᠠᠪᠣᠳ ᠵᠡᠷᠭᠡ ᠰᠢᠯᠲᠠᠭᠠᠨ ᠠᠴᠠ ᠪᠣᠯᠵᠤ ᠰᠤᠷᠤᠯᠭ᠎ᠠ ᠬᠤᠶᠢᠰᠢᠯᠠᠭᠤᠯᠤᠭᠰᠠᠨ ᠵᠡᠮᠳᠡᠭ ᠬᠡᠦᠬᠡᠳ ᠤᠨ ᠬᠠᠮᠢᠶ᠎ᠠ ᠪᠦᠬᠦᠢ ᠭᠠᠷᠳᠠᠮ ᠪᠠ ᠮᠠᠲ᠋ᠧᠷᠢᠶᠠᠯ ᠢ ᠳᠠᠩᠰᠠᠯᠠᠵᠤ᠂ ᠰᠤᠷᠤᠯᠭ᠎ᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠂ ᠳᠡᠮᠵᠢᠯᠭᠡ ᠪᠠ ᠪᠠᠲᠤᠯᠠᠭ᠎ᠠ ᠬᠠᠩᠭᠠᠪᠠ᠃ ᠭᠡᠷ ᠲᠤ ᠎ ᠪᠠᠨ ᠦᠯᠡᠳᠡᠭᠰᠡᠨ ᠬᠡᠦᠬᠡᠳ ᠤᠨ ᠪᠠᠲᠤᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠷ ᠲᠤ ᠪᠠᠨ ᠦᠯᠡᠳᠡᠭᠰᠡᠨ ᠬᠡᠦᠬᠡᠳ ᠤᠨ ᠳᠠᠩᠰᠠ ᠡᠪᠬᠡᠮᠡᠯ ᠢ ᠪᠠᠶᠢᠭᠤᠯᠤᠨ᠂ ᠭᠡᠷ ᠲᠤ ᠪᠠᠨ ᠦᠯᠡᠳᠡᠭᠰᠡᠨ ᠬᠡᠦᠬᠡᠳ ᠤᠨ ᠠᠰᠠᠷᠠᠨ ᠬᠠᠮᠠᠭᠠᠯᠠᠭᠴᠢ ᠶᠢᠨ ᠪᠠᠶᠢᠳᠠᠯ᠂ ᠡᠵᠢ ᠠᠪᠤ ᠶᠢᠨ ᠠᠵᠢᠯ ᠤᠨ ᠪᠠᠶᠢᠳᠠᠯ᠂ ᠰᠤᠷᠤᠯᠭ᠎ᠠ ᠠᠮᠢᠳᠤᠷᠠᠯ ᠤᠨ ᠪᠠᠶᠢᠳᠠᠯ ᠵᠡᠷᠭᠡ ᠶᠢ ᠣᠨᠣᠪᠴᠢᠲᠠᠢ ᠡᠵᠡᠮᠰᠢᠵᠦ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠪᠡ᠃ ︽ᠣᠨᠴᠠᠭᠠᠢ ᠰᠤᠷᠤᠭᠴᠢ︾ ᠎ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠲᠡᠭᠦᠯᠳᠡᠷᠵᠢᠭᠦᠯᠪᠡ᠃ ︽ᠮᠠᠨᠵᠤᠤᠷ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢ ᠵᠢᠯᠣᠭᠤᠳᠬᠤ ᠠᠵᠢᠯ ᠤᠨ ᠲᠥᠰᠦᠯ︾᠎ ᠢ ᠲᠣᠭᠲᠠᠭᠠᠵᠤ᠂ ᠰᠤᠷᠤᠯᠭ᠎ᠠ ᠶᠢᠨ ᠵᠢᠯ ᠪᠦᠷᠢ ᠨᠢᠭᠡ ᠤᠳᠠᠭ᠎ᠠ ᠪᠠᠭ᠎ᠠ ᠰᠤᠷᠭᠠᠭᠤᠯᠢ ᠶᠢᠨ ᠳᠤᠮᠳᠠ᠂ ᠳᠡᠭᠡᠷ᠎ᠡ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠣᠷᠣᠯᠴᠠᠬᠤ ᠨᠣᠷᠮ᠎ᠠ 100%᠎ ᠶᠢᠨ ︽ᠰᠡᠳᠬᠢᠴᠡ ᠶᠢᠨ ᠡᠷᠡᠭᠦᠯ ᠮᠡᠨᠳᠦ ᠶᠢᠨ ᠰᠢᠯᠭᠠᠯᠲᠠ︾᠎ ᠶᠢᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ︽ᠣᠨᠴᠠᠭᠠᠢ ᠰᠤᠷᠤᠭᠴᠢ︾᠎ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠪᠠᠶᠢᠭᠤᠯᠪᠠ᠃      ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠯᠠᠮᠵᠢᠯᠠᠨ ᠬᠠᠶᠢᠷᠠᠯᠠᠬᠤ ᠡᠷᠴᠢᠮ ᠢ ᠴᠢᠩᠭᠠᠷᠠᠭᠤᠯᠪᠠ᠃ ᠮᠠᠨᠵᠤᠤᠷ ᠬᠤᠲᠠ ᠶᠢᠨ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠰᠤᠷᠤᠯᠭ᠎ᠠ ᠪᠠᠨ ᠵᠣᠭᠰᠣᠬᠤ ᠶᠢ ᠬᠤᠷᠢᠭᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠱᠠᠭᠠᠷᠳᠠᠯᠭ᠎ᠠ ᠶᠢ ᠳᠤᠷᠠᠳᠴᠤ᠂ ᠵᠡᠭᠡᠯᠢ ᠭᠤᠳᠤᠮᠵᠢ ᠶᠢᠨ ᠬᠢᠨ ᠲᠣᠭᠲᠠᠮᠠᠯ ᠬᠤᠭᠤᠴᠠᠭ᠎ᠠ ᠲᠠᠢ ᠬᠠᠷᠢᠶ᠎ᠠ ᠣᠷᠣᠨ ᠤ ᠪᠠᠨ ᠵᠣᠬᠢᠬᠤ ᠨᠠᠰᠤᠨ ᠤ ᠬᠥᠮᠦᠨ ᠠᠮᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠭᠦᠷᠲᠡᠭᠰᠡᠨ ᠦᠭᠡᠢ ᠪᠠᠶᠢᠳᠠᠯ ᠢ ᠵᠢᠭᠰᠠᠭᠠᠨ ᠪᠠᠶᠢᠴᠠᠭᠠᠵᠤ ᠲᠣᠳᠤᠷᠬᠠᠶᠢᠯᠠᠪᠠ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠤᠲᠠ ᠬᠥᠳᠡᠭᠡ ᠶᠢᠨ ᠠᠮᠢᠳᠤᠷᠠᠯ ᠤᠨ ᠬᠠᠮᠤᠭ ᠤᠨ ᠳᠣᠣᠷ᠎ᠠ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠤᠷᠤᠭᠴᠢ᠂ ᠣᠨᠴᠠ ᠬᠦᠴᠢᠷᠳᠡᠯᠲᠡᠢ ᠲᠡᠵᠢᠭᠡᠯᠭᠡᠵᠦ ᠪᠠᠶᠢᠭ᠎ᠠ ᠰᠤᠷᠤᠭᠴᠢ᠂ ᠥᠨᠥᠴᠢᠨ ᠬᠡᠦᠬᠡᠳ ︵ᠪᠣᠳᠠᠲᠠᠢ ᠲᠡᠵᠢᠭᠡᠬᠦ ᠬᠥᠮᠦᠨ ᠦᠭᠡᠢ ︶ ᠰᠤᠷᠤᠭᠴᠢ ᠶᠢᠨ ᠲᠤᠭ᠎ᠠ ᠪᠠᠷᠢᠮᠲᠠ ᠮᠡᠳᠡᠭᠡ ᠵᠠᠩᠭᠢ ᠶᠢ ᠬᠠᠷᠢᠭᠤᠴᠠᠨ ᠬᠠᠩᠭᠠᠪᠠ︔ ᠵᠡᠮᠳᠡᠭᠴᠦᠳ ᠤᠨ ᠬᠤᠯᠪᠣᠭ᠎ᠠ ᠶᠢᠨ ᠰᠠᠯᠠᠭ᠎ᠠ ᠮᠥᠴᠢᠷ ᠠᠴᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠵᠡᠮᠳᠡᠭ ᠰᠤᠷᠤᠭᠴᠢ᠂ ᠵᠡᠮᠳᠡᠭᠴᠦᠳ ᠤᠨ ᠦᠷ᠎ᠡ ᠬᠡᠦᠬᠡᠳ ᠤᠨ ᠲᠤᠭ᠎ᠠ ᠪᠠᠷᠢᠮᠲᠠ ᠮᠡᠳᠡᠭᠡ ᠵᠠᠩᠭᠢ ᠶᠢ ᠬᠠᠷᠢᠭᠤᠴᠠᠨ ᠬᠠᠩᠭᠠᠪᠠ︔ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠰᠤᠷᠤᠯᠭ᠎ᠠ ᠪᠠᠨ ᠵᠣᠭᠰᠣᠭᠰᠠᠨ ᠰᠤᠷᠤᠭᠴᠢᠳ ᠢ ᠣᠯᠵᠤ ᠮᠡᠳᠡᠪᠡᠯ᠂ ᠬᠤᠯᠪᠤᠭᠳᠠᠬᠤ ᠪᠠᠶᠢᠳᠠᠯ ᠢ ᠳᠠᠷᠤᠢ ᠳᠤ ᠨᠢ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ︔ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠡᠯ᠎ᠡ ᠲᠠᠯ᠎ᠠ ᠶᠢᠨ ᠡᠮᠬᠢᠯᠡᠵᠦ ᠭᠠᠷᠭᠠᠭᠰᠠᠨ ᠣᠨᠴᠠᠭᠠᠢ ᠬᠠᠮᠲᠤᠯᠢᠭ ᠤᠨ ᠪᠠᠶᠢᠳᠠᠯ ᠢ ᠣᠶᠢᠯᠠᠭᠠᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠨᠢᠭᠡᠴᠢ ᠲᠠᠢ ᠬᠤᠯᠪᠣᠭᠠᠯᠠᠨ ᠭᠡᠷ ᠲᠤ ᠨᠢ ᠬᠦᠷᠴᠦ ᠰᠤᠷᠪᠤᠯᠵᠢᠯᠠᠨ᠂ ᠵᠣᠬᠢᠬᠤ ᠨᠠᠰᠤᠨ ᠤ ᠬᠡᠦᠬᠡᠳ ᠎ ᠤᠨ ᠰᠤᠷᠭᠠᠭᠤᠯᠢ ᠳᠤ ᠣᠷᠣᠬᠤ ᠶᠣᠰᠣᠲᠠᠢ ᠶᠢ ᠴᠥᠮ ᠣᠷᠣᠭᠤᠯᠬᠤ ᠎ ᠶᠢ ᠪᠠᠲᠤᠯᠠᠪᠠ︔ ᠨᠡᠶᠢᠭᠡᠮ ᠤᠨ ᠡᠯ᠎ᠡ ᠡᠲᠡᠭᠡᠳ ᠢ ᠬᠥᠲᠥᠯᠥᠨ ᠵᠢᠯᠣᠭᠤᠳᠴᠤ ︽ᠪᠦᠬᠦ ᠠᠵᠢᠯᠲᠠᠨ ᠬᠥᠮᠦᠨ ᠬᠥᠮᠦᠵᠢᠭᠦᠯᠬᠦ ᠵᠢᠯᠣᠭᠤᠳᠣᠭᠴᠢ ᠪᠠᠭᠰᠢ ᠶᠢᠨ ᠳᠦᠷᠢᠮ︾᠎ ᠢ ᠨᠠᠶᠢᠳᠠᠪᠤᠷᠢᠵᠢᠭᠤᠯᠵᠤ᠂ ᠭᠡᠷ ᠪᠥᠯᠢ ᠰᠤᠷᠭᠠᠭᠤᠯᠢ ᠬᠠᠮᠵᠢᠯᠴᠠᠨ ᠬᠥᠮᠦᠨ ᠬᠥᠮᠥᠵᠢᠭᠦᠯᠬᠦ ᠬᠠᠮᠲᠤᠯᠢᠭ ᠢ ᠪᠠᠶᠢᠭᠤᠯᠤᠨ᠂ ᠭᠡᠷ ᠪᠦᠯᠢ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠭᠰᠢ ᠲᠠᠢ ᠬᠠᠮᠵᠢᠯᠴᠠᠨ ᠬᠥᠮᠦᠨ ᠬᠥᠮᠦᠵᠢᠭᠦᠯᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠲᠣᠳᠣᠷᠬᠠᠢ᠂ ᠮᠠᠨᠵᠤᠤᠷ ᠬᠤᠲᠠ ᠶᠢᠨ ︽ᠵᠠᠰᠠᠭ ᠰᠤᠷᠭᠠᠭᠤᠯᠢ ᠨᠡᠶᠢᠭᠡᠮ︾ ᠣᠯᠠᠨ ᠲᠠᠯ᠎ᠠ ᠶᠢᠨ ᠬᠢᠨ ᠬᠠᠮᠵᠢᠯᠴᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠵᠣᠭᠰᠣᠬᠤ ᠶᠢ ᠬᠤᠷᠢᠭᠯᠠᠬᠤ ᠳᠣᠭᠲᠠᠯᠴᠠᠭ᠎ᠠ ᠠᠭᠠᠵᠢᠮ ᠢᠶᠠᠷ ᠪᠦᠷᠢᠯᠳᠦᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号