ᠮᠠᠨᠵᠤᠤᠷ ᠬᠤᠲᠠ᠄ ᠣᠯᠠᠨ ᠡᠲᠡᠭᠡᠳ ᠤᠨ ᠬᠢᠨ ᠬᠤᠯᠪᠤᠯᠳᠤᠨ ᠬᠥᠳᠡᠯᠦᠯᠴᠡᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠵᠣᠭᠰᠣᠬᠤ ᠶᠢ ᠬᠤᠷᠢᠭᠯᠠᠨ ᠰᠤᠷᠤᠯᠭ᠎ᠠ ᠶᠢ ᠪᠠᠲᠤᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/5/28
      ᠣᠶᠢᠷ᠎ᠠ ᠶᠢᠨ ᠵᠢᠯ᠂ ᠮᠠᠨᠵᠤᠤᠷ ᠬᠤᠲᠠ ᠨᠥᠬᠦᠴᠡᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠵᠠᠰᠠᠪᠤᠷᠢ ᠣᠷᠣᠭᠤᠯᠵᠤ᠂ ᠡᠷᠳᠡᠮ ᠤᠨ ᠴᠣᠯᠠ ᠶᠢᠨ ᠬᠠᠩᠭᠠᠯᠭ᠎ᠠ ᠶᠢ ᠪᠠᠲᠤᠯᠠᠨ᠂ ᠬᠠᠯᠠᠮᠵᠢᠯᠠᠨ ᠬᠠᠶᠢᠷᠠᠯᠠᠬᠤ ᠡᠷᠴᠢᠮ ᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠰᠤᠷᠤᠯᠭ᠎ᠠ ᠪᠠᠨ ᠵᠣᠭᠰᠣᠬᠤ ᠶᠢ ᠬᠤᠷᠢᠭᠯᠠᠨ ᠰᠤᠷᠤᠯᠭ᠎ᠠ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠬᠤᠯᠪᠤᠯᠳᠤᠨ ᠬᠥᠳᠡᠯᠦᠯᠴᠡᠬᠦ ᠬᠠᠮ ᠬᠦᠴᠦᠨ ᠢ ᠪᠣᠢ ᠪᠣᠯᠭᠠᠨ᠂ ︽ᠲᠡᠭ ᠰᠤᠷᠤᠯᠭ᠎ᠠ ᠪᠠᠨ ᠵᠣᠭᠰᠣᠬᠤ︾ ᠶᠢ ᠪᠠᠲᠤᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠡᠷᠬᠡ ᠲᠡᠭᠰᠢ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠦᠨᠡᠨ ᠬᠦ ᠪᠠᠲᠤᠯᠠᠪᠠ᠃      ᠪᠠᠲᠤᠯᠠᠭ᠎ᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠳᠡᠰ ᠳᠠᠷᠠᠭᠠᠯᠠᠯ ᠢ ᠵᠢᠷᠤᠮᠵᠢᠭᠤᠯᠪᠠ ᠃ ᠡᠷᠳᠡᠮ ᠤᠨ ᠴᠣᠯᠠ ᠶᠢᠨ ᠬᠠᠩᠭᠠᠯᠭ᠎ᠠ ᠶᠢ ᠭᠦᠢᠴᠡᠳ ᠪᠠᠲᠤᠯᠠᠬᠤ ᠶᠢᠨ ᠲᠥᠯᠦᠭᠡ᠂ ᠮᠠᠨᠵᠤᠤᠷ ᠬᠤᠲᠠ 2023 - 2025 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠯᠠᠭᠤᠯᠤᠯᠲᠠ ᠶᠢᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠠᠰᠠᠪᠤᠷᠢ ᠣᠷᠣᠭᠤᠯᠵᠤ᠂ ᠬᠥᠮᠦᠨ ᠠᠮᠠ ᠶᠢᠨ ᠬᠤᠪᠢᠷᠠᠯᠲᠠ ᠲᠠᠢ ᠵᠣᠬᠢᠴᠠᠭᠰᠠᠨ ᠣᠯᠠᠨ ᠨᠡᠶᠢᠲᠡ  ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠬᠠᠩᠭᠠᠬᠤ ᠲᠣᠭᠲᠠᠴᠠ ᠶᠢ ᠢᠳᠡᠪᠬᠢᠲᠡᠢ ᠪᠠᠶᠢᠭᠤᠯᠤᠨ᠂ ᠣᠶᠢᠷ᠎ᠠ ᠬᠠᠪᠢ ᠪᠠ ᠬᠠᠷᠢᠴᠠᠩᠭᠤᠢ ᠣᠶᠢᠷ᠎ᠠ ᠬᠠᠪᠢ ᠶᠢᠨ ᠰᠤᠷᠭᠠᠭᠤᠯᠢ ᠳᠤ ᠣᠷᠣᠬᠤ ᠶᠢ ᠦᠨᠡᠨ ᠬᠦ ᠪᠠᠲᠤᠯᠠᠵᠤ᠂ ᠨᠡᠭᠦᠳᠡᠯ ᠬᠥᠮᠦᠨ ᠠᠮᠠ ᠶᠢᠨ ᠦᠷ᠎ᠡ ᠬᠡᠦᠬᠡᠳ ᠰᠤᠷᠭᠠᠭᠤᠯᠢ ᠳᠤ ᠣᠷᠣᠵᠤ ᠰᠤᠷᠭᠠᠭᠤᠯᠢ ᠳᠡᠪᠰᠢᠬᠦ ᠪᠣᠯᠤᠨ ᠬᠤᠲᠠ ᠶᠢᠨ ᠬᠢᠨ ᠲᠠᠢ ᠠᠳᠠᠯᠢ ᠬᠠᠷᠠᠭᠠᠯᠵᠠᠯ ᠭᠦᠷᠲᠡᠬᠦ ᠶᠢ ᠪᠠᠲᠤᠯᠠᠪᠠ᠃ ᠡᠭᠦᠨ ᠠᠴᠠ ᠭᠠᠳᠠᠨ᠎ᠠ᠂ ᠬᠥᠳᠡᠯᠦᠩᠭᠦᠢ ᠬᠢᠨᠠᠨ ᠪᠠᠶᠢᠴᠠᠭᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠬᠠᠷᠢᠶᠠᠯᠠᠯ ᠤᠨ ᠡᠳᠦᠷ ᠲᠤᠲᠤᠮ ᠤᠨ ᠲᠤᠭ᠎ᠠ ᠪᠠᠷᠢᠮᠲᠠ ᠶᠢ ᠰᠢᠨᠡᠳᠬᠡᠬᠦ ᠵᠢᠴᠢ ᠬᠠᠮᠢᠶᠠᠷᠬᠤ ᠶᠢ ᠵᠢᠷᠤᠮᠵᠢᠭᠤᠯᠵᠤ᠂ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭᠠᠬᠤ᠂ ᠰᠤᠷᠤᠯᠭ᠎ᠠ ᠪᠠᠨ ᠲᠦᠷ ᠵᠣᠭᠰᠤᠬᠤ᠂ ᠰᠤᠷᠤᠯᠭ᠎ᠠ ᠪᠠᠨ ᠰᠡᠷᠭᠦᠭᠡᠬᠦ ᠵᠡᠷᠭᠡ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠡᠵᠡᠮᠰᠢᠨ᠂ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠪᠦᠷᠢᠨ ᠭᠦᠢᠴᠡᠳ᠂ ᠭᠠᠷ ᠭᠦᠢᠴᠡᠳᠬᠡᠯ ᠪᠦᠷᠢᠨ ᠲᠡᠭᠦᠯᠳᠡᠷ᠂ ᠠᠵᠢᠯᠯᠠᠬᠤ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠵᠦ᠂ ᠰᠤᠷᠭᠠᠭᠤᠯᠢ ᠳᠤ ᠪᠠᠶᠢᠭ᠎ᠠ ᠪᠣᠳᠠᠲᠠᠢ ᠬᠥᠮᠦᠨ ᠤ ᠲᠤᠭ᠎ᠠ ᠶᠢ ᠴᠠᠭ ᠲᠤᠬᠠᠢ ᠳᠤ ᠨᠢ ᠡᠵᠡᠮᠰᠢᠨ᠂ ᠡᠯ᠎ᠡ ᠰᠤᠷᠭᠠᠭᠤᠯᠢ ᠶᠢ ᠰᠠᠷ᠎ᠠ ᠪᠦᠷᠢ ᠰᠤᠷᠤᠭᠴᠢᠳ ᠤᠨ ᠰᠤᠷᠭᠠᠭᠤᠯᠢ  ᠶᠢᠨ ᠬᠠᠷᠢᠶᠠᠯᠠᠯ ᠤᠨ ᠬᠤᠪᠢᠷᠠᠯᠲᠠ ᠶᠢᠨ ᠪᠠᠶᠢᠳᠠᠯ ᠤᠨ ᠬᠦᠰᠦᠨᠦᠭᠲᠦ ᠶᠢ ᠳᠡᠭᠡᠭᠰᠢ ᠮᠡᠳᠡᠭᠦᠯᠵᠦ᠂ ᠰᠤᠷᠤᠯᠭ᠎ᠠ  ᠪᠠᠨ ᠵᠣᠭᠰᠣᠭᠰᠠᠨ ᠰᠤᠷᠤᠭᠴᠢ ᠶᠢ ᠴᠢᠩᠭ᠎ᠠ ᠠᠩᠬᠠᠷᠴᠤ᠂ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ᠂ ᠲᠤᠰᠬᠠᠢ ᠪᠠᠶᠢᠴᠠᠭᠠᠬᠤ᠂ ︽ᠪᠤᠴᠠᠨ ᠬᠠᠷᠠᠬᠤ︾ ᠵᠡᠷᠭᠡ ᠠᠷᠭ᠎ᠠ ᠮᠠᠶ᠋ᠢᠭ  ᠢᠶᠠᠷ ᠰᠤᠷᠭᠠᠭᠤᠯᠢ ᠶᠢᠨ ᠬᠠᠷᠢᠶᠠᠯᠠᠯ ᠢ ᠬᠢᠨᠠᠨ ᠪᠠᠶᠢᠴᠠᠭᠠᠵᠤ᠂ ᠰᠤᠷᠤᠭᠴᠢ ᠪᠠ ᠬᠠᠷᠢᠶᠠᠯᠠᠯ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ ᠰᠤᠷᠤᠭᠴᠢ ᠶᠢᠨ ︽ᠨᠡᠷ᠎ᠡ ᠨᠢ ᠪᠠᠶᠢᠭᠠᠳ ᠬᠥᠮᠦᠨ ᠨᠢ ᠪᠠᠶᠢᠬᠤ ᠦᠭᠡᠢ︾ ᠰᠤᠷᠭᠠᠭᠤᠯᠢ ᠶᠢᠨ ᠰᠤᠷᠭᠠᠨ ᠬᠥᠮᠦᠵᠢᠯ ᠪᠠ ᠬᠠᠮᠢᠶᠠᠷᠤᠯᠲᠠ ᠠᠴᠠ ᠰᠠᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃      ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠰᠤᠷᠤᠭᠴᠢᠳ ᠤᠨ ᠡᠬᠡ ᠳᠠᠩᠰᠠ ᠶᠢ ᠲᠡᠭᠦᠯᠳᠡᠷᠵᠢᠭᠦᠯᠪᠡᠣᠨᠴᠠᠭᠠᠢ ᠪᠠᠶᠢᠳᠠᠯ ᠲᠠᠢ ᠰᠤᠷᠤᠭᠴᠢᠳ ᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠵᠦ᠂ ᠰᠡᠳᠬᠢᠴᠡ ᠶᠢᠨ ᠠᠰᠠᠭᠤᠳᠠᠯ ᠲᠠᠢ ᠰᠤᠷᠤᠭᠴᠢ᠂ ᠭᠡᠷ ᠲᠤ ᠪᠠᠨ ᠦᠯᠡᠳᠡᠭᠰᠡᠨ ᠬᠡᠦᠬᠡᠳ᠂ ᠳᠠᠭᠠᠵᠤ ᠨᠡᠭᠦᠵᠦ ᠢᠷᠡᠭᠰᠡᠨ ᠬᠡᠦᠬᠡᠳ᠂ ᠠᠵᠤ ᠠᠬᠤᠢ ᠨᠢ ᠬᠦᠴᠢᠷᠳᠡᠯᠲᠡᠢ ᠭᠡᠷ ᠪᠦᠯᠢ ᠶᠢᠨ ᠬᠡᠦᠬᠡᠳ ᠵᠡᠷᠭᠡ ᠰᠤᠷᠤᠭᠴᠢᠳ ᠤᠨ ᠪᠠᠶᠢᠳᠠᠯ ᠢ ᠨᠠᠷᠢᠨ ᠨᠢᠮᠪᠠᠢ ᠤᠶᠢᠯᠠᠭᠠᠨ ᠵᠢᠭᠰᠠᠭᠠᠵᠤ᠂ ᠣᠨᠴᠠᠭᠠᠢ ᠪᠠᠶᠢᠳᠠᠯ ᠲᠠᠢ ᠰᠤᠷᠤᠭᠴᠢ ᠶᠢ ᠲᠥᠷᠥᠯ ᠬᠤᠪᠢᠶᠠᠬᠤ ᠡᠬᠡ ᠳᠠᠩᠰᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ︽ᠨᠢᠭᠡ ᠪᠠᠷ ᠨᠢᠭᠡ ᠶᠢ ᠳᠠᠭᠠᠭᠤᠯᠬᠤ᠂ ᠨᠢᠭᠡ ᠪᠠᠷ ᠣᠯᠠᠨ ᠢ           ᠳᠠᠭᠠᠭᠤᠯᠬᠤ︾ ᠬᠠᠪᠰᠤᠷᠤᠨ ᠲᠡᠳᠬᠦᠬᠦ ᠠᠵᠢᠯ ᠢ ᠨᠠᠶᠢᠳᠠᠪᠤᠷᠢᠵᠢᠭᠤᠯᠪᠠ᠃ ᠰᠤᠷᠤᠯᠭ᠎ᠠ ᠪᠠᠨ ᠵᠣᠭᠰᠣᠬᠤ᠂ ᠰᠤᠷᠤᠯᠭ᠎ᠠ ᠪᠠᠨ ᠵᠣᠭᠰᠣᠬᠤ ᠰᠡᠵᠢᠭᠯᠡᠯ ᠲᠠᠢ᠂ ᠰᠤᠷᠤᠯᠭ᠎ᠠ ᠪᠠᠨ ᠨᠢᠭᠡ ᠵᠢᠯ ᠠᠴᠠ ᠳᠡᠭᠡᠭᠰᠢ ᠲᠦᠷ ᠵᠣᠭᠰᠤᠭᠰᠠᠨ ᠵᠢᠴᠢ ᠰᠤᠷᠤᠯᠭ᠎ᠠ ᠪᠠᠨ ᠵᠣᠭᠰᠤᠬᠤ ᠲᠦᠭᠰᠢᠭᠦᠷᠢ ᠲᠠᠢ ᠪᠤᠰᠤᠳ ᠰᠤᠷᠤᠭᠴᠢᠳ ᠲᠤ ᠬᠠᠨᠳᠤᠭᠤᠯᠤᠨ᠂ ︽ᠨᠢᠭᠡ ᠰᠤᠷᠤᠭᠴᠢ ᠨᠢᠭᠡ ᠳᠠᠩᠰᠠ ᠡᠪᠬᠡᠮᠡᠯ︾  ᠢ ᠪᠠᠶᠢᠭᠤᠯᠵᠤ᠂ ᠰᠤᠷᠤᠯᠭ᠎ᠠ ᠪᠠᠨ ᠵᠣᠭᠰᠣᠭᠰᠠᠨ ᠰᠤᠷᠤᠭᠴᠢᠳ ᠲᠤ ᠴᠢᠭᠯᠡᠭᠦᠯᠦᠨ᠂ ᠤᠲᠠᠰᠤ ᠨᠡᠪᠲᠡᠷᠡᠬᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠭᠡᠷ ᠲᠤ ᠨᠢ ᠬᠦᠷᠴᠦ ᠭᠡᠷ ᠪᠦᠯᠢ ᠶᠢᠨ ᠰᠤᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠨᠢᠭᠡ ᠬᠥᠮᠦᠨ ᠨᠢᠭᠡ ᠬᠡᠷᠡᠭ︾ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃ ᠵᠡᠮᠳᠡᠭ ᠰᠤᠷᠤᠭᠴᠢᠳ ᠤᠨ ᠰᠤᠷᠭᠠᠭᠤᠯᠢ ᠳᠤ ᠣᠷᠣᠬᠤ ᠶᠣᠰᠣᠲᠠᠢ ᠶᠢ ᠪᠦᠬᠦᠨ ᠢ ᠣᠷᠣᠭᠤᠯᠬᠤ ᠶᠢ ᠪᠠᠲᠤᠯᠠᠨ᠂ ᠵᠡᠮᠳᠡᠭᠴᠦᠳ ᠤᠨ ᠬᠤᠯᠪᠣᠭ᠎ᠠ ᠯᠤᠭ᠎ᠠ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠰᠠᠶᠢᠲᠤᠷ ᠬᠢᠵᠦ᠂ ᠨᠠᠷᠢᠯᠢᠭ ᠣᠨᠣᠴᠠᠲᠠᠢ ᠡᠬᠡ ᠳᠠᠩᠰᠠ ᠪᠠᠶᠢᠭᠤᠯᠤᠨ᠂ ᠠᠩᠭᠢ ᠳᠠᠭᠠᠵᠤ ᠰᠤᠷᠤᠯᠴᠠᠬᠤ᠂ ᠰᠤᠷᠭᠠᠨ ᠬᠥᠮᠦᠵᠢᠯ ᠢ ᠭᠡᠷ ᠲᠤ ᠨᠢ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭ ᠬᠡᠦᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ ᠦᠨᠡᠨ ᠬᠦ ᠪᠠᠲᠤᠯᠠᠪᠠ᠃ ᠪᠡᠶ᠎ᠡ ᠮᠠᠬᠠᠪᠣᠳ ᠵᠡᠷᠭᠡ ᠰᠢᠯᠲᠠᠭᠠᠨ ᠠᠴᠠ ᠪᠣᠯᠵᠤ ᠰᠤᠷᠤᠯᠭ᠎ᠠ ᠬᠤᠶᠢᠰᠢᠯᠠᠭᠤᠯᠤᠭᠰᠠᠨ ᠵᠡᠮᠳᠡᠭ ᠬᠡᠦᠬᠡᠳ ᠤᠨ ᠬᠠᠮᠢᠶ᠎ᠠ ᠪᠦᠬᠦᠢ ᠭᠠᠷᠳᠠᠮ ᠪᠠ ᠮᠠᠲ᠋ᠧᠷᠢᠶᠠᠯ ᠢ ᠳᠠᠩᠰᠠᠯᠠᠵᠤ᠂ ᠰᠤᠷᠤᠯᠭ᠎ᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠂ ᠳᠡᠮᠵᠢᠯᠭᠡ ᠪᠠ ᠪᠠᠲᠤᠯᠠᠭ᠎ᠠ ᠬᠠᠩᠭᠠᠪᠠ᠃ ᠭᠡᠷ ᠲᠤ  ᠪᠠᠨ ᠦᠯᠡᠳᠡᠭᠰᠡᠨ ᠬᠡᠦᠬᠡᠳ ᠤᠨ ᠪᠠᠲᠤᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠷ ᠲᠤ ᠪᠠᠨ ᠦᠯᠡᠳᠡᠭᠰᠡᠨ ᠬᠡᠦᠬᠡᠳ ᠤᠨ ᠳᠠᠩᠰᠠ ᠡᠪᠬᠡᠮᠡᠯ ᠢ ᠪᠠᠶᠢᠭᠤᠯᠤᠨ᠂ ᠭᠡᠷ ᠲᠤ ᠪᠠᠨ ᠦᠯᠡᠳᠡᠭᠰᠡᠨ ᠬᠡᠦᠬᠡᠳ ᠤᠨ ᠠᠰᠠᠷᠠᠨ ᠬᠠᠮᠠᠭᠠᠯᠠᠭᠴᠢ ᠶᠢᠨ ᠪᠠᠶᠢᠳᠠᠯ᠂ ᠡᠵᠢ ᠠᠪᠤ ᠶᠢᠨ ᠠᠵᠢᠯ ᠤᠨ ᠪᠠᠶᠢᠳᠠᠯ᠂ ᠰᠤᠷᠤᠯᠭ᠎ᠠ ᠠᠮᠢᠳᠤᠷᠠᠯ ᠤᠨ ᠪᠠᠶᠢᠳᠠᠯ ᠵᠡᠷᠭᠡ ᠶᠢ ᠣᠨᠣᠪᠴᠢᠲᠠᠢ ᠡᠵᠡᠮᠰᠢᠵᠦ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠪᠡ᠃ ︽ᠣᠨᠴᠠᠭᠠᠢ ᠰᠤᠷᠤᠭᠴᠢ︾  ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠲᠡᠭᠦᠯᠳᠡᠷᠵᠢᠭᠦᠯᠪᠡ᠃ ︽ᠮᠠᠨᠵᠤᠤᠷ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢ ᠵᠢᠯᠣᠭᠤᠳᠬᠤ ᠠᠵᠢᠯ ᠤᠨ ᠲᠥᠰᠦᠯ︾ ᠢ ᠲᠣᠭᠲᠠᠭᠠᠵᠤ᠂ ᠰᠤᠷᠤᠯᠭ᠎ᠠ ᠶᠢᠨ ᠵᠢᠯ ᠪᠦᠷᠢ ᠨᠢᠭᠡ ᠤᠳᠠᠭ᠎ᠠ ᠪᠠᠭ᠎ᠠ ᠰᠤᠷᠭᠠᠭᠤᠯᠢ ᠶᠢᠨ ᠳᠤᠮᠳᠠ᠂ ᠳᠡᠭᠡᠷ᠎ᠡ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠣᠷᠣᠯᠴᠠᠬᠤ ᠨᠣᠷᠮ᠎ᠠ 100% ᠶᠢᠨ ︽ᠰᠡᠳᠬᠢᠴᠡ ᠶᠢᠨ ᠡᠷᠡᠭᠦᠯ ᠮᠡᠨᠳᠦ ᠶᠢᠨ ᠰᠢᠯᠭᠠᠯᠲᠠ︾ ᠶᠢᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ︽ᠣᠨᠴᠠᠭᠠᠢ ᠰᠤᠷᠤᠭᠴᠢ︾ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠪᠠᠶᠢᠭᠤᠯᠪᠠ᠃      ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠯᠠᠮᠵᠢᠯᠠᠨ ᠬᠠᠶᠢᠷᠠᠯᠠᠬᠤ ᠡᠷᠴᠢᠮ ᠢ ᠴᠢᠩᠭᠠᠷᠠᠭᠤᠯᠪᠠ᠃ ᠮᠠᠨᠵᠤᠤᠷ ᠬᠤᠲᠠ ᠶᠢᠨ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠰᠤᠷᠤᠯᠭ᠎ᠠ ᠪᠠᠨ ᠵᠣᠭᠰᠣᠬᠤ ᠶᠢ ᠬᠤᠷᠢᠭᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠱᠠᠭᠠᠷᠳᠠᠯᠭ᠎ᠠ ᠶᠢ ᠳᠤᠷᠠᠳᠴᠤ᠂ ᠵᠡᠭᠡᠯᠢ ᠭᠤᠳᠤᠮᠵᠢ ᠶᠢᠨ ᠬᠢᠨ ᠲᠣᠭᠲᠠᠮᠠᠯ ᠬᠤᠭᠤᠴᠠᠭ᠎ᠠ ᠲᠠᠢ ᠬᠠᠷᠢᠶ᠎ᠠ ᠣᠷᠣᠨ ᠤ ᠪᠠᠨ ᠵᠣᠬᠢᠬᠤ ᠨᠠᠰᠤᠨ ᠤ ᠬᠥᠮᠦᠨ ᠠᠮᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠭᠦᠷᠲᠡᠭᠰᠡᠨ ᠦᠭᠡᠢ ᠪᠠᠶᠢᠳᠠᠯ ᠢ ᠵᠢᠭᠰᠠᠭᠠᠨ ᠪᠠᠶᠢᠴᠠᠭᠠᠵᠤ ᠲᠣᠳᠤᠷᠬᠠᠶᠢᠯᠠᠪᠠ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠤᠲᠠ ᠬᠥᠳᠡᠭᠡ ᠶᠢᠨ ᠠᠮᠢᠳᠤᠷᠠᠯ ᠤᠨ ᠬᠠᠮᠤᠭ ᠤᠨ ᠳᠣᠣᠷ᠎ᠠ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠤᠷᠤᠭᠴᠢ᠂ ᠣᠨᠴᠠ ᠬᠦᠴᠢᠷᠳᠡᠯᠲᠡᠢ ᠲᠡᠵᠢᠭᠡᠯᠭᠡᠵᠦ ᠪᠠᠶᠢᠭ᠎ᠠ ᠰᠤᠷᠤᠭᠴᠢ᠂ ᠥᠨᠥᠴᠢᠨ ᠬᠡᠦᠬᠡᠳ ︵ᠪᠣᠳᠠᠲᠠᠢ ᠲᠡᠵᠢᠭᠡᠬᠦ ᠬᠥᠮᠦᠨ ᠦᠭᠡᠢ ︶ ᠰᠤᠷᠤᠭᠴᠢ ᠶᠢᠨ ᠲᠤᠭ᠎ᠠ ᠪᠠᠷᠢᠮᠲᠠ ᠮᠡᠳᠡᠭᠡ ᠵᠠᠩᠭᠢ ᠶᠢ ᠬᠠᠷᠢᠭᠤᠴᠠᠨ ᠬᠠᠩᠭᠠᠪᠠ︔ ᠵᠡᠮᠳᠡᠭᠴᠦᠳ ᠤᠨ ᠬᠤᠯᠪᠣᠭ᠎ᠠ ᠶᠢᠨ ᠰᠠᠯᠠᠭ᠎ᠠ ᠮᠥᠴᠢᠷ ᠠᠴᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠵᠡᠮᠳᠡᠭ ᠰᠤᠷᠤᠭᠴᠢ᠂ ᠵᠡᠮᠳᠡᠭᠴᠦᠳ ᠤᠨ ᠦᠷ᠎ᠡ ᠬᠡᠦᠬᠡᠳ ᠤᠨ ᠲᠤᠭ᠎ᠠ ᠪᠠᠷᠢᠮᠲᠠ ᠮᠡᠳᠡᠭᠡ ᠵᠠᠩᠭᠢ ᠶᠢ ᠬᠠᠷᠢᠭᠤᠴᠠᠨ ᠬᠠᠩᠭᠠᠪᠠ︔ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠰᠤᠷᠤᠯᠭ᠎ᠠ ᠪᠠᠨ ᠵᠣᠭᠰᠣᠭᠰᠠᠨ ᠰᠤᠷᠤᠭᠴᠢᠳ ᠢ ᠣᠯᠵᠤ ᠮᠡᠳᠡᠪᠡᠯ᠂ ᠬᠤᠯᠪᠤᠭᠳᠠᠬᠤ ᠪᠠᠶᠢᠳᠠᠯ ᠢ ᠳᠠᠷᠤᠢ ᠳᠤ ᠨᠢ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ︔ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠡᠯ᠎ᠡ ᠲᠠᠯ᠎ᠠ ᠶᠢᠨ ᠡᠮᠬᠢᠯᠡᠵᠦ ᠭᠠᠷᠭᠠᠭᠰᠠᠨ ᠣᠨᠴᠠᠭᠠᠢ ᠬᠠᠮᠲᠤᠯᠢᠭ ᠤᠨ ᠪᠠᠶᠢᠳᠠᠯ ᠢ ᠣᠶᠢᠯᠠᠭᠠᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠨᠢᠭᠡᠴᠢ ᠲᠠᠢ ᠬᠤᠯᠪᠣᠭᠠᠯᠠᠨ ᠭᠡᠷ ᠲᠤ ᠨᠢ ᠬᠦᠷᠴᠦ ᠰᠤᠷᠪᠤᠯᠵᠢᠯᠠᠨ᠂ ᠵᠣᠬᠢᠬᠤ ᠨᠠᠰᠤᠨ ᠤ ᠬᠡᠦᠬᠡᠳ  ᠤᠨ ᠰᠤᠷᠭᠠᠭᠤᠯᠢ ᠳᠤ ᠣᠷᠣᠬᠤ ᠶᠣᠰᠣᠲᠠᠢ ᠶᠢ ᠴᠥᠮ ᠣᠷᠣᠭᠤᠯᠬᠤ  ᠶᠢ ᠪᠠᠲᠤᠯᠠᠪᠠ︔ ᠨᠡᠶᠢᠭᠡᠮ ᠤᠨ ᠡᠯ᠎ᠡ ᠡᠲᠡᠭᠡᠳ ᠢ ᠬᠥᠲᠥᠯᠥᠨ ᠵᠢᠯᠣᠭᠤᠳᠴᠤ ︽ᠪᠦᠬᠦ ᠠᠵᠢᠯᠲᠠᠨ ᠬᠥᠮᠦᠨ ᠬᠥᠮᠦᠵᠢᠭᠦᠯᠬᠦ ᠵᠢᠯᠣᠭᠤᠳᠣᠭᠴᠢ ᠪᠠᠭᠰᠢ ᠶᠢᠨ ᠳᠦᠷᠢᠮ︾ ᠢ ᠨᠠᠶᠢᠳᠠᠪᠤᠷᠢᠵᠢᠭᠤᠯᠵᠤ᠂ ᠭᠡᠷ ᠪᠥᠯᠢ ᠰᠤᠷᠭᠠᠭᠤᠯᠢ ᠬᠠᠮᠵᠢᠯᠴᠠᠨ ᠬᠥᠮᠦᠨ ᠬᠥᠮᠥᠵᠢᠭᠦᠯᠬᠦ ᠬᠠᠮᠲᠤᠯᠢᠭ ᠢ ᠪᠠᠶᠢᠭᠤᠯᠤᠨ᠂ ᠭᠡᠷ ᠪᠦᠯᠢ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠭᠰᠢ ᠲᠠᠢ ᠬᠠᠮᠵᠢᠯᠴᠠᠨ ᠬᠥᠮᠦᠨ ᠬᠥᠮᠦᠵᠢᠭᠦᠯᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠲᠣᠳᠣᠷᠬᠠᠢ᠂ ᠮᠠᠨᠵᠤᠤᠷ ᠬᠤᠲᠠ ᠶᠢᠨ ︽ᠵᠠᠰᠠᠭ ᠰᠤᠷᠭᠠᠭᠤᠯᠢ ᠨᠡᠶᠢᠭᠡᠮ︾ ᠣᠯᠠᠨ ᠲᠠᠯ᠎ᠠ ᠶᠢᠨ ᠬᠢᠨ ᠬᠠᠮᠵᠢᠯᠴᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠵᠣᠭᠰᠣᠬᠤ ᠶᠢ ᠬᠤᠷᠢᠭᠯᠠᠬᠤ ᠳᠣᠭᠲᠠᠯᠴᠠᠭ᠎ᠠ ᠠᠭᠠᠵᠢᠮ ᠢᠶᠠᠷ ᠪᠦᠷᠢᠯᠳᠦᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号