ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶᠢᠷ᠎ᠠ ᠶᠢᠨ | ᠬᠤᠭᠤᠴᠠᠭᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ | ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ | ᠲᠦᠪᠰᠢᠨ ᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠭᠦᠨᠵᠡᠭᠡᠢ ᠲᠠᠶᠢᠯᠪᠤᠷᠢᠯᠠᠬᠤ ᠶᠢᠨ ᠲᠥᠯᠦᠭᠡ᠂ 5 ᠳ᠋ᠤᠭᠠᠷ ᠰᠠᠷ᠎ᠠ ᠶᠢᠨ 23 ᠤ | ᠡᠳᠦᠷ᠂ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠣᠯᠪᠠᠰᠤᠷᠠᠯ ᠤᠨ ᠬᠤᠷᠠᠯ ᠢ ᠪᠤᠭᠤᠲᠤ ᠬᠤᠲᠠ ᠳᠤ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠦᠵᠡᠯ ᠰᠠᠨᠠᠭ᠎ᠠ ᠲᠠᠨᠢᠯᠲᠠ ᠪᠠᠨ ᠤᠯᠠᠮ ᠴᠠᠭᠠᠰᠢᠲᠠ | ᠳᠡᠭᠡᠭᠰᠢᠯᠡᠭᠦᠯᠵᠦ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠬᠤ ᠬᠠᠷᠢᠭᠤᠴᠠᠯᠭᠠᠲᠤ | ᠰᠡᠳᠬᠢᠯᠭᠡ ᠪᠠ ᠲᠤᠯᠭᠠᠮ ᠰᠡᠳᠬᠢᠯᠭᠡ ᠪᠠᠨ ᠴᠢᠩᠭᠠᠳᠬᠠᠵᠤ᠂ ︽ᠠᠮᠤᠷ ᠲᠦᠪᠰᠢᠨ ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ ᠰᠢᠯᠭᠠᠯᠲᠠ᠂ ᠥᠴᠦᠬᠡᠨ ᠴᠤ ᠠᠯᠳᠠᠰᠢ ᠦᠭᠡᠢ︾ ᠶᠢ ᠦᠨᠡᠨ ᠬᠦ | ᠪᠠᠲᠤᠯᠠᠬᠤ ᠬᠡᠷᠡᠭᠲᠡᠢ᠃ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ | ᠥᠷᠢᠰᠥᠯᠳᠦᠭᠡᠨ ᠢ ᠢᠳᠡᠪᠬᠢᠲᠡᠢ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠠᠭᠤᠯᠭ᠎ᠠ ᠶᠢ ᠳᠤᠪᠤᠶᠢᠯᠭᠠᠵᠤ᠂ | ᠤᠬᠠᠭᠤᠯᠤᠨ ᠲᠠᠶᠢᠯᠪᠤᠷᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠵᠠᠩᠭᠢᠯᠠᠭ᠎ᠠ ᠶᠢᠨ | ᠭᠤᠭᠴᠤᠭ᠎ᠠ ᠶᠢ ᠠᠳᠬᠤᠵᠤ᠂ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠢ ᠪᠠᠲᠤᠯᠠᠬᠤ ᠬᠡᠷᠡᠭᠲᠡᠢ᠃ ᠬᠦᠴᠦᠲᠡᠢ | ᠮᠥᠷᠲᠡᠭᠡᠨ ᠪᠦᠲᠦᠮᠵᠢᠲᠡᠢ ᠵᠢᠯᠣᠭᠤᠳᠴᠤ᠂ ᠡᠷᠡᠮᠡᠯᠵᠡᠯ ᠲᠠᠭᠯᠠᠨ ᠮᠡᠳᠡᠭᠦᠯᠬᠦ ᠦᠢᠯᠡᠴᠢᠯᠡᠭᠡ ᠶᠢ ᠰᠠᠶᠢᠲᠤᠷ ᠬᠢᠬᠦ | ᠬᠡᠷᠡᠭᠲᠡᠢ᠃ ᠰᠢᠯᠭᠠᠭᠤᠯᠤᠭᠴᠢ ᠪᠠᠷ ᠦᠨᠳᠦᠰᠦ ᠪᠣᠯᠭᠠᠵᠤ᠂ ᠪᠠᠲᠤᠯᠠᠭᠠᠨ ᠤ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ | ᠰᠢᠯᠢᠳᠡᠭᠵᠢᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ | ᠶᠢᠨ ᠬᠡᠯᠬᠢᠶ᠎ᠡ ᠶᠢ ᠪᠣᠳᠠᠲᠠᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠰᠢᠯᠭᠠᠯᠲᠠ ᠶᠢᠨ ᠶᠠᠪᠤᠳᠠᠯ ᠤᠨ ᠠᠵᠢᠯ ᠢ ᠦᠨᠡᠨ ᠬᠦ | ᠨᠠᠷᠢᠯᠢᠭ ᠮᠥᠷᠲᠡᠭᠡᠨ ᠪᠣᠳᠠᠲᠠᠢ ᠬᠢᠵᠦ᠂ ᠵᠡᠷᠭᠡᠴᠡᠭᠡ ᠡᠷᠡᠮᠡᠯᠵᠡᠯ ᠲᠠᠭᠯᠠᠬᠤ ᠪᠣᠯᠪᠠᠰᠤᠷᠠᠯ ᠤᠨ ᠠᠵᠢᠯ ᠢ ᠪᠦᠬᠦ | ᠲᠠᠯ᠎ᠠ ᠪᠠᠷ ᠥᠷᠨᠢᠭᠦᠯᠵᠦ᠂ ᠰᠢᠯᠭᠠᠯᠲᠠ ᠳᠤ ᠬᠤᠯᠪᠤᠭᠳᠠᠬᠤ ᠰᠦᠯᠵᠢᠶᠡᠨ ᠤ ᠣᠷᠴᠢᠨ ᠢ ᠴᠡᠪᠡᠷᠰᠢᠭᠦᠯᠬᠦ᠂ | ᠰᠢᠯᠭᠠᠯᠲᠠ ᠳᠤ ᠬᠤᠯᠪᠤᠭᠳᠠᠬᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠵᠠᠰᠠᠬᠤ ᠵᠡᠷᠭᠡ | ᠵᠢᠷᠭᠤᠭᠠᠨ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠦᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠷᠡᠮᠡᠯᠵᠡᠯ | ᠲᠠᠭᠯᠠᠬᠤ ᠳᠤ ᠵᠦᠪᠯᠡᠯᠭᠡ ᠥᠭᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠬᠠᠷᠢᠭᠤᠴᠠᠯᠭᠠᠲᠠᠨ᠂ | ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠪᠢᠳᠠᠨ | ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ | |