5 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠪᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠠᠵᠢᠯ ᠣᠯᠭᠤᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ | ᠸᠢᠳᠢᠣ᠋ ᠬᠤᠷᠠᠯ ᠢ ᠬᠤᠷᠠᠯᠳᠤᠭᠤᠯᠪᠠ᠃ ᠬᠤᠷᠠᠯ ᠤᠨ ᠵᠣᠷᠢᠯᠲᠠ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠷᠢᠰ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠰᠤᠷᠭᠠᠨ ᠬᠥᠮᠦᠵᠢᠯ ᠤᠨ | ᠶᠠᠮᠤᠨ ᠤ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠡᠮᠦᠨᠡᠬᠢ ᠬᠤᠭᠤᠴᠠᠭᠠᠨ ᠤ ᠠᠵᠢᠯ ᠢ ᠡᠮᠬᠢᠯᠡᠨ ᠳ᠋ᠦᠩᠨᠡᠵᠦ᠂ ᠣᠳᠣᠬᠠᠨ ᠤ ᠠᠵᠢᠯ | ᠣᠯᠭᠤᠯᠲᠠ ᠶᠢᠨ ᠪᠠᠶᠢᠳᠠᠯ ᠢ ᠵᠠᠳᠠᠯᠤᠨ᠂ ᠳᠠᠷᠠᠭᠠᠴᠢ ᠶᠢᠨ ᠱᠠᠲᠤᠨ ᠤ ᠲᠡᠭᠦᠰᠦᠭᠰᠡᠳ ᠲᠤ ᠠᠵᠢᠯ ᠣᠯᠭᠤᠬᠤ | ᠭᠤᠣᠯᠳᠠᠯᠭ᠎ᠠ ᠲᠠᠢ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠬᠤ ᠶᠢᠨ ᠲᠥᠯᠥᠭᠡ ᠶᠤᠮ᠃ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠭᠤᠬᠤ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠤᠨ ᠬᠠᠯᠠᠮᠵᠢᠯᠠᠵᠤ᠂ ᠡᠯ᠎ᠡ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ | ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢ ᠪᠠᠲᠤᠳᠬᠠᠵᠤ᠂ | ᠢᠵᠢᠯᠢ ᠴᠢᠭᠯᠡᠯ ᠢᠶᠠᠷ ᠤᠷᠤᠭᠰᠢᠯᠠᠨ᠂ ᠬᠠᠮᠵᠢᠯᠴᠠᠨ ᠬᠦᠴᠦᠯᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠮᠥᠷᠲᠡᠭᠡᠨ | ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠶᠡᠭᠡ ᠳᠡᠭᠡᠳᠦ ᠰᠤᠷᠭᠠᠭᠤᠯᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠣᠯᠭᠤᠯᠲᠠ ᠶᠢᠨ ︽ᠨᠢᠭᠡᠳᠦᠭᠡᠷ | ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠰᠤᠷᠭᠠᠭᠤᠯᠢ ᠶᠢᠨ ᠳᠡᠰ ᠤᠨ | ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠵᠢᠯ ᠣᠯᠭᠤᠬᠤ ᠡᠭᠦᠷᠭᠡ ᠴᠢᠳᠠᠮᠵᠢᠲᠤ ᠰᠠᠯᠠᠭ᠎ᠠ ᠮᠥᠴᠢᠷ ᠨᠠᠷᠢᠨ | ᠬᠢᠨᠠᠮᠠᠭᠠᠢ ᠰᠤᠳᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠣᠶᠢᠷ᠎ᠠ ᠶᠢᠨ ᠬᠤᠭᠤᠴᠠᠭᠠᠨ ᠳᠤ | ᠨᠡᠶᠢᠲᠡᠯᠡᠭᠰᠡᠨ ᠡᠯ᠎ᠡ ᠲᠥᠷᠥᠯ ᠤᠨ ᠠᠵᠢᠯ ᠣᠯᠭᠤᠯᠲᠠ ᠶᠢ ᠠᠬᠢᠭᠤᠯᠬᠤ ᠪᠢᠴᠢᠭ ᠮᠠᠲ᠋ᠧᠷᠢᠶᠠᠯ ᠢ ᠭᠦᠨᠵᠡᠭᠡᠢ | ᠣᠶᠢᠯᠠᠭᠠᠵᠤ᠂ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠪᠠ ᠲᠡᠭᠦᠰᠦᠭᠰᠡᠳ ᠤᠨ ᠪᠣᠳᠠᠲᠠᠢ ᠪᠠᠶᠢᠳᠠᠯ ᠲᠠᠢ | ᠤᠶᠠᠯᠳᠤᠭᠤᠯᠤᠨ᠂ ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭ᠎ᠠ ᠶᠢ ᠴᠢᠩᠭ᠎ᠠ ᠠᠳᠬᠤᠨ | ᠬᠡᠷᠡᠭᠵᠢᠭᠦᠯᠵᠦ᠂ ᠭᠤᠣᠯᠳᠠᠯᠭ᠎ᠠ ᠲᠠᠢ ᠡᠭᠦᠷᠭᠡ ᠶᠢ ᠥᠳᠲᠡᠷ ᠲᠦᠷᠭᠡᠨ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠳᠠᠯᠳᠠ ᠬᠦᠴᠦᠨ ᠢ ᠢᠯᠡᠷᠡᠭᠦᠯᠦᠨ ᠠᠵᠢᠯ ᠤᠨ ᠪᠠᠶᠢᠷᠢ ᠶᠢ | ᠥᠷᠭᠡᠳᠬᠡᠵᠦ᠂ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠨ᠂ ᠠᠵᠢᠯ ᠤᠨ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ ᠰᠦᠯᠵᠢᠶᠡᠨ ᠭᠠᠳᠠᠨ᠎ᠠ ᠰᠤᠷᠪᠤᠯᠵᠢᠯᠠᠬᠤ ᠪᠠ ᠰᠦᠯᠵᠢᠶᠡᠨ ᠳᠤ ᠵᠣᠯᠭᠠᠭᠤᠯᠬᠤ ᠶᠢ ᠠᠬᠢᠭᠤᠯᠤᠨ᠂ | ︽ᠬᠤᠶᠠᠷ 100︾ ᠪᠠ ︽ᠬᠠᠮᠤᠭ ᠤᠨ ᠪᠠᠭ᠎ᠠ ᠳᠤ ᠪᠠᠨ 10 ᠡᠷᠦᠬᠡ︾ ᠭᠡᠬᠦ ᠠᠵᠢᠯ ᠤᠨ ᠱᠠᠭᠠᠷᠳᠠᠯᠭ᠎ᠠ ᠶᠢ | ᠥᠳᠲᠡᠷ ᠲᠦᠷᠭᠡᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠳᠤ ᠠᠵᠢᠯᠲᠠᠨ | ᠤᠷᠢᠬᠤ ᠠᠵᠢᠯᠯᠠᠭ᠎ᠠ ᠶᠢ ᠦᠷᠭᠦᠯᠵᠢᠯᠡᠨ ᠬᠦᠴᠦ ᠲᠠᠯᠪᠢᠨ ᠵᠣᠬᠢᠶᠠᠨ ᠪᠠᠶᠢᠭᠤᠯᠵᠤ᠂ ᠲᠡᠭᠦᠰᠦᠭᠰᠡᠳ ᠰᠤᠷᠭᠠᠭᠤᠯᠢ | ᠠᠴᠠ ᠰᠠᠯᠬᠤ ᠠᠴᠠ ᠡᠮᠦᠨ᠎ᠡ᠂ ᠠᠳᠠᠭ ᠲᠤ ᠪᠠᠨ ᠨᠢᠭᠡ ᠲᠠᠯᠠᠪᠤᠷ ᠲᠣᠮᠣ ᠬᠡᠯᠪᠡᠷᠢ ᠶᠢᠨ ᠰᠤᠷᠭᠠᠭᠤᠯᠢ ᠶᠢᠨ ᠬᠦᠷᠢᠶᠡᠨ ᠤ | ᠠᠵᠢᠯᠲᠠᠨ ᠤᠷᠢᠬᠤ ᠬᠤᠷᠠᠯ ᠢ ᠡᠷᠬᠢᠯᠡᠵᠦ᠂ ᠲᠡᠭᠦᠰᠦᠭᠰᠡᠳ ᠢ ᠯᠠᠪᠳᠠᠭᠤᠨ ᠪᠠᠲᠤᠲᠠᠢ ᠬᠠᠪᠰᠤᠷᠤᠨ ᠲᠡᠭᠦᠰᠬᠦ ᠴᠢᠭᠯᠡᠯ ᠢ | ᠳᠣᠭᠲᠠᠭᠠᠬᠤ ᠬᠡᠷᠡᠭᠲᠡᠢ᠃ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠵᠢᠯᠣᠭᠤᠳᠬᠤ ᠦᠢᠯᠡᠴᠢᠯᠡᠭᠡ ᠶᠢ | ᠰᠢᠯᠢᠳᠡᠭᠵᠢᠭᠦᠯᠦᠨ᠂ 2025 ᠣᠨ ᠤ ᠲᠡᠭᠦᠰᠦᠭᠰᠡᠳ ᠤᠨ ᠠᠵᠢᠯ ᠣᠯᠬᠤ ᠰᠠᠨᠠᠮᠵᠢ ᠶᠢᠨ ᠬᠤᠶᠠᠳᠤᠭᠠᠷ ᠤᠳᠠᠭᠠᠨ ᠤ | ᠠᠵᠢᠯ ᠣᠯᠬᠤ ᠬᠠᠨᠳᠤᠰᠢ ᠶᠢ ᠣᠶᠢᠯᠠᠭᠠᠬᠤ ᠪᠠᠶᠢᠴᠠᠭᠠᠯᠲᠠ ᠪᠠ 2026 ᠣᠨ ᠤ ᠲᠡᠭᠦᠰᠦᠭᠰᠡᠳ ᠤᠨ ᠠᠵᠢᠯ ᠣᠯᠬᠤ | ᠰᠠᠨᠠᠮᠵᠢ ᠶᠢᠨ ᠪᠠᠶᠢᠴᠠᠭᠠᠯᠲᠠ ᠶᠢ ᠬᠠᠮᠵᠢᠨ ᠥᠷᠨᠢᠭᠦᠯᠵᠦ᠂ ᠠᠵᠢᠯ ᠤᠨ ᠪᠠᠶᠢᠷᠢ ᠶᠢ ᠬᠠᠮᠲᠤ ᠳᠤ ᠪᠠᠨ ᠪᠠᠶᠢᠭᠤᠯᠵᠤ | ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠲᠥᠯᠥᠪᠯᠡᠭᠡ ᠶᠢ ᠶᠡᠭᠡ ᠪᠠᠷ ᠠᠬᠢᠭᠤᠯᠤᠨ᠂ ᠰᠤᠷᠭᠠᠭᠤᠯᠢ ᠠᠴᠠ ᠪᠠᠨ | ᠰᠠᠯᠤᠭᠠᠳ ᠠᠵᠢᠯ ᠣᠯᠤᠭᠠᠳᠤᠢ ᠲᠡᠭᠦᠰᠦᠭᠰᠡᠳ ᠢ ᠮᠥᠷᠳᠡᠨ ᠦᠢᠯᠡᠴᠢᠯᠡᠬᠦ ᠠᠵᠢᠯ ᠢ ᠤᠷᠢᠳᠴᠢᠯᠠᠨ ᠰᠠᠶᠢᠲᠤᠷ | ᠪᠠᠶᠢᠷᠢᠯᠠᠭᠤᠯᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠢ ᠲᠡᠭᠦᠰᠦᠭᠰᠡᠳ ᠢ ᠬᠠᠪᠰᠤᠷᠤᠨ ᠲᠡᠳᠬᠦᠬᠦ | ᠨᠣᠷᠮ᠎ᠠ ᠶᠢ 100% ᠳᠤ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ | ᠶᠢ ᠨᠠᠶᠢᠳᠠᠪᠤᠷᠢᠵᠢᠭᠤᠯᠵᠤ᠂ ᠪᠦᠷᠢᠳᠭᠡᠵᠦ ᠬᠢᠨᠠᠨ ᠪᠠᠶᠢᠴᠠᠭᠠᠬᠤ ᠶᠢ ᠴᠢᠩᠳᠠᠯᠠᠨ᠂ ᠲᠡᠭᠦᠰᠦᠭᠰᠡᠳ ᠤᠨ ᠠᠵᠢᠯ ᠣᠯᠬᠤ | ᠬᠠᠨᠳᠤᠰᠢ ᠶᠢ ᠳᠠᠩᠰᠠᠯᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠣᠯᠬᠤ ᠬᠠᠨᠳᠤᠰᠢ | ᠶᠢ ᠨᠢᠭᠡ ᠨᠢᠭᠡ ᠬᠥᠮᠦᠨ ᠳᠤ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠨᠢᠭᠡ ᠨᠢᠭᠡ ᠬᠥᠮᠦᠨ | ᠢᠶᠠᠷ ᠳᠡᠭᠡᠭᠰᠢ ᠮᠡᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠳᠥᠷᠪᠡᠨ ᠦᠯᠦ ᠵᠥᠪᠰᠢᠶᠡᠷᠡᠬᠦ︾ ︽ᠭᠤᠷᠪᠠᠨ | ᠪᠣᠯᠬᠤ ᠦᠭᠡᠢ︾ ᠭᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠠᠯᠢᠩ ᠬᠥᠯᠥᠰᠥ ᠶᠢᠨ ᠴᠤᠪᠤᠷᠠᠯ ᠪᠣᠯᠤᠨ ᠤᠷᠢᠨ | ᠬᠡᠷᠡᠭᠯᠡᠬᠦ ᠬᠢᠵᠠᠭᠠᠷ ᠬᠤᠭᠤᠴᠠᠭ᠎ᠠ ᠵᠡᠷᠭᠡ ᠶᠢᠨ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ ᠠᠵᠢᠯ | ᠣᠯᠭᠤᠬᠤ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ ᠪᠣᠯᠤᠨ ᠵᠢᠷᠤᠮᠵᠢᠯᠳᠤ ᠴᠢᠨᠠᠷ ᠢ ᠦᠨᠡᠨ ᠬᠦ ᠪᠠᠲᠤᠯᠠᠬᠤ | ᠬᠡᠷᠡᠭᠲᠡᠢ᠃ ᠢᠳᠡᠪᠬᠢᠲᠡᠢ ᠣᠷᠴᠢᠨ ᠠᠬᠤᠢ ᠶᠢ ᠪᠣᠢ ᠪᠣᠯᠭᠠᠵᠤ᠂ ᠠᠵᠢᠯ ᠣᠯᠭᠤᠯᠲᠠ ᠶᠢᠨ ᠠᠮᠤᠷ ᠲᠦᠪᠰᠢᠨ ᠢ | ᠪᠠᠲᠤᠯᠠᠵᠤ᠂ ᠲᠡᠭᠦᠰᠦᠭᠰᠡᠳ ᠲᠤ ᠬᠠᠨᠳᠤᠭᠤᠯᠤᠨ ᠠᠵᠢᠯ ᠣᠯᠭᠤᠬᠤ ᠲᠠᠯ᠎ᠠ ᠶᠢᠨ ᠬᠠᠤᠯᠢ ᠴᠠᠭᠠᠵᠠ ᠬᠠᠤᠯᠢ | ᠳᠦᠷᠢᠮ ᠤᠨ ᠤᠬᠠᠭᠤᠯᠭ᠎ᠠ ᠪᠠ ᠦᠨᠡᠨᠴᠢ ᠢᠲᠡᠭᠡᠮᠵᠢᠲᠦ ᠭᠡᠷ᠎ᠡ ᠪᠠᠨ ᠪᠡᠶᠡᠯᠡᠭᠦᠯᠬᠦ ᠬᠥᠮᠦᠵᠢᠯ ᠢ ᠥᠷᠨᠢᠭᠦᠯᠵᠦ᠂ ᠠᠵᠢᠯ | ᠰᠣᠩᠭᠤᠬᠤ ᠶᠠᠪᠤᠴᠠ ᠳᠤ ᠠᠶᠤᠯ ᠲᠦᠭᠰᠢᠭᠦᠷᠢ ᠠᠴᠠ ᠵᠠᠶᠢᠯᠠᠬᠤ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ | ᠬᠡᠷᠡᠭᠲᠡᠢ᠃ ᠵᠥᠪ ᠲᠠᠯ᠎ᠠ ᠠᠴᠠ ᠤᠬᠠᠭᠤᠯᠵᠤ ᠬᠥᠲᠥᠯᠥᠨ ᠵᠢᠯᠣᠭᠤᠳᠬᠤ ᠶᠢ ᠢᠳᠡᠪᠬᠢᠲᠡᠢ ᠴᠢᠩᠭᠠᠳᠬᠠᠵᠤ᠂ ᠭᠤᠣᠯ | ᠬᠥᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠤᠯᠠᠮᠵᠢᠯᠠᠵᠤ᠂ ᠪᠦᠬᠦ ᠨᠡᠶᠢᠭᠡᠮ ᠢᠶᠠᠷ ᠢᠶᠠᠨ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ | ᠢᠳᠡᠪᠬᠢᠲᠡᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠵᠠᠩᠭᠢᠯᠠᠭ᠎ᠠ ᠶᠢᠨ | ᠬᠤᠭᠤᠴᠠᠭ᠎ᠠ᠂ ᠰᠤᠷᠭᠠᠭᠤᠯᠢ ᠠᠴᠠ ᠪᠠᠨ ᠰᠠᠯᠬᠤ ᠠᠴᠠ ᠡᠮᠦᠨᠡᠬᠢ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ | ᠠᠳᠬᠤᠵᠤ᠂ ᠠᠵᠢᠯ ᠤᠨ ᠲᠥᠰᠦᠯ ᠲᠣᠭᠲᠠᠭᠠᠨ᠂ ᠴᠠᠭ ᠤᠨ ᠵᠠᠩᠭᠢᠶᠠᠰᠤ ᠶᠢ ᠲᠣᠳᠤᠷᠬᠠᠶᠢᠯᠠᠨ᠂ ᠠᠵᠢᠯ ᠤᠨ | ᠠᠶᠢᠵᠠᠮ ᠢ ᠲᠦᠷᠭᠡᠳᠬᠡᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠠᠵᠢᠯ ᠣᠯᠵᠤ ᠦᠢᠯᠡᠰ ᠪᠣᠰᠬᠠᠭᠰᠠᠨ ᠨᠡᠶᠢᠲᠡᠯᠢᠭ ᠦᠢᠯᠡ | ᠶᠠᠪᠤᠳᠠᠯ ᠢ ᠳᠡᠯᠭᠡᠨ ᠦᠵᠡᠭᠦᠯᠬᠦ ᠪᠠ ᠶᠡᠭᠡ ᠳᠡᠭᠡᠳᠦ ᠰᠤᠷᠭᠠᠭᠤᠯᠢ ᠶᠢᠨ ᠨᠡᠶᠢᠲᠡᠯᠢᠭ ᠲᠤᠷᠰᠢᠯᠭ᠎ᠠ ᠶᠢ ᠬᠤᠪᠢᠶᠠᠯᠴᠠᠬᠤ | ᠶᠢ ᠦᠷᠭᠦᠯᠵᠢᠯᠡᠨ ᠥᠷᠨᠢᠭᠦᠯᠵᠦ᠂ ᠠᠵᠢᠯ ᠣᠯᠵᠤ ᠦᠢᠯᠡᠰ ᠪᠣᠰᠬᠠᠬᠤ ᠶᠢ ᠳᠡᠮᠵᠢᠬᠦ ᠲᠥᠷᠥ ᠶᠢᠨ ᠪᠣᠳᠣᠯᠭ᠎ᠠ᠂ | ᠨᠡᠶᠢᠲᠡᠯᠢᠭ ᠦᠢᠯᠡ ᠶᠠᠪᠤᠳᠠᠯ ᠢ ᠣᠯᠠᠨ ᠠᠷᠭ᠎ᠠ ᠵᠠᠮ᠂ ᠪᠦᠬᠦ ᠲᠠᠯ᠎ᠠ ᠪᠠᠷ ᠤᠬᠠᠭᠤᠯᠵᠤ᠂ ᠢᠳᠡᠪᠬᠢᠲᠡᠢ ᠵᠥᠪ | ᠴᠢᠭᠯᠡᠯ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠰᠢᠯᠭᠠᠬᠤ ᠪᠠ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ | ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠭᠠᠵᠠᠷ ᠳᠠᠰᠤᠭ | ᠵᠢᠴᠢ ᠬᠤᠯᠪᠣᠭᠳᠠᠬᠤ ᠨᠢᠭᠡᠴᠢ ᠶᠢᠨ ᠬᠠᠷᠢᠭᠤᠴᠠᠯᠭᠠᠲᠠᠨ︔ ᠡᠯ᠎ᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ | ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠠᠵᠢᠯ ᠣᠯᠭᠤᠬᠤ ᠡᠭᠦᠷᠭᠡ ᠴᠢᠳᠠᠮᠵᠢᠲᠤ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | | | |