ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠥᠨᠥᠳᠦᠷ ᠠᠴᠠ ᠡᠬᠢᠯᠡᠨ ᠳᠠᠷᠤᠮᠠᠯᠯᠠᠵᠤ ᠪᠣᠯᠤᠨ᠎ᠠ
ᠨᠡᠶᠢᠲᠡᠯᠡᠭᠰᠡᠨ ᠴᠠᠭ᠄
2025/5/28
      2025 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠳᠠᠷᠤᠮᠠᠯᠯᠠᠬᠤ ᠴᠢᠳᠠᠮᠵᠢ ᠶᠢ ᠥᠨᠥᠳᠦᠷ ᠨᠡᠪᠲᠡᠷᠡᠭᠦᠯᠵᠦ᠂ ᠰᠢᠯᠭᠠᠭᠤᠯᠤᠭᠴᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠭᠤᠣᠯ ᠨᠢᠭᠤᠷ ᠤᠨ ᠪᠠᠷᠠᠭᠤᠨ ᠲᠠᠯ᠎ᠠ ᠳᠠᠬᠢ ᠬᠥᠪᠦᠮᠡᠯ ᠴᠣᠩᠬᠤ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠳᠠᠷᠤᠮᠠᠯᠯᠠᠬᠤ︾ ᠵᠠᠯᠭᠠᠭᠠᠰᠤ ᠶᠢ ᠳᠣᠶ᠋ᠢᠨ᠂ ᠰᠢᠯᠭᠠᠭᠤᠯᠤᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ︵https://www4.nm.zsks.cn/BaseStudent/︶ ᠲᠤ ᠣᠷᠣᠵᠤ᠂ ᠨᠢᠭᠤᠷ ᠳᠡᠭᠡᠷᠡᠬᠢ ︽ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ ᠶᠢ ᠰᠣᠩᠭᠤᠨ᠂ ︽ᠰᠢᠯᠭᠠᠬᠤ ᠲᠡᠮᠳᠡᠭ ᠢ ᠳᠠᠷᠤᠮᠠᠯᠯᠠᠬᠤ︾ ᠶᠢ ᠳᠣᠶ᠋ᠢᠵᠤ᠂ 2025 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠳᠠᠷᠤᠮᠠᠯᠯᠠᠨ᠎ᠠ᠃

1.jpg

2.jpg

3.jpg

   

      ᠰᠠᠨᠠᠭᠤᠯᠤᠮᠵᠢ᠄

      1. ᠬᠡᠷᠪᠡ ᠰᠢᠯᠭᠠᠭᠤᠯᠤᠭᠴᠢ ᠨᠢᠭᠤᠴᠠ ᠨᠣᠮᠧᠷ ᠢᠶᠠᠨ ᠮᠠᠷᠲᠠᠭᠰᠠᠨ ᠪᠣᠯ᠂ ᠶᠡᠷᠦᠩᠬᠡᠶᠢᠯᠡᠭᠰᠡᠨ

ᠦᠢᠯᠡᠴᠢᠯᠡᠭᠡᠨ ᠤ ᠲᠠᠪᠴᠠᠩ ᠳᠤ ᠣᠷᠣᠵᠤ ᠨᠢᠭᠤᠷ ᠤᠨ ᠳᠣᠣᠷ᠎ᠠ ᠲᠠᠯ᠎ᠠ ᠳᠤ ᠪᠠᠶᠢᠭ᠎ᠠ ︽ᠨᠢᠭᠤᠴᠠ ᠨᠣᠮᠧᠷ ᠢᠶᠠᠨ

ᠮᠠᠷᠲᠠᠭᠰᠠᠨ︾ ᠢ ᠳᠣᠶ᠋ᠢᠵᠤ᠂ ᠪᠡᠶ᠎ᠡ ᠶᠢᠨ ᠦᠨᠡᠮᠯᠡᠯ ᠤᠨ ᠨᠣᠮᠧᠷ ᠪᠠ ᠨᠡᠷ᠎ᠡ ᠮᠡᠳᠡᠭᠦᠯᠬᠦ ᠦᠶ᠎ᠡ ᠳᠤ ᠦᠯᠡᠳᠡᠭᠡᠭᠰᠡᠨ

ᠭᠠᠷ ᠤᠲᠠᠰᠤᠨ ᠤ ᠨᠣᠮᠧᠷ ᠢᠶᠠᠨ ᠣᠷᠣᠭᠤᠯᠵᠤ᠂ ᠰᠢᠨ᠎ᠡ ᠨᠢᠭᠤᠴᠠ ᠨᠣᠮᠧᠷ ᠠᠪᠴᠤ ᠪᠣᠯᠤᠨ᠎ᠠ᠃

      2. ᠰᠢᠯᠭᠠᠬᠤ ᠲᠡᠮᠳᠡᠭ ᠢ ᠳᠠᠷᠤᠮᠠᠯᠯᠠᠬᠤ ᠨᠢᠭᠤᠷ ᠤᠨ ᠳᠣᠣᠷ᠎ᠠ ᠲᠠᠯ᠎ᠠ ᠳᠤ᠂ ᠢᠷᠡᠬᠦ 10 ᠡᠳᠦᠷ ᠤᠨ ᠴᠠᠭ

ᠠᠭᠤᠷ ᠤᠨ ᠤᠷᠢᠳᠴᠢᠯᠠᠭᠰᠠᠨ ᠮᠡᠳᠡᠭᠡ ᠶᠢ ᠯᠠᠪᠯᠠᠯᠲᠠ ᠪᠣᠯᠭᠠᠬᠤ ᠪᠠᠷ ᠲᠣᠬᠢᠷᠠᠭᠤᠯᠪᠠ︔ ᠨᠢᠭᠤᠷ ᠤᠨ ᠬᠠᠮᠤᠭ ᠤᠨ

ᠳᠣᠣᠷ᠎ᠠ ᠲᠠᠯ᠎ᠠ ᠳᠤ ᠰᠡᠷᠡᠮᠵᠢᠯᠡᠭᠦᠯᠬᠦ ᠮᠡᠳᠡᠭᠡ ᠶᠢ ᠲᠣᠬᠢᠷᠠᠭᠤᠯᠵᠤ᠂ ᠬᠡᠷᠪᠡ ᠰᠢᠯᠭᠠᠯᠲᠠ ᠶᠢᠨ ᠴᠡᠭ ᠪᠠᠶᠢᠭ᠎ᠠ

ᠭᠠᠵᠠᠷ ᠲᠤ ᠴᠠᠭ ᠠᠭᠤᠷ ᠤᠨ ᠰᠡᠷᠡᠮᠵᠢᠭᠦᠯᠦᠯ ᠪᠤᠶᠤ ᠭᠠᠵᠠᠷ ᠬᠥᠳᠡᠯᠦᠯᠲᠡ ᠵᠡᠷᠭᠡ ᠭᠠᠮᠰᠢᠭ ᠤᠨ ᠰᠡᠷᠡᠮᠵᠢᠭᠦᠯᠦᠯ

ᠪᠠᠶᠢᠪᠠᠯ᠂ ᠳᠠᠷᠤᠢ ᠳᠤ ᠨᠢ ᠢᠯᠡᠷᠡᠬᠦ ᠪᠣᠯᠤᠨ᠎ᠠ᠃

      3. ᠭᠦ᠋ ᠭᠧ᠂ ᠾᠦᠸᠧ ᠬᠤ᠋᠂ 360 ᠵᠡᠷᠭᠡ ᠠᠮᠤᠷ ᠲᠦᠪᠰᠢᠨ ᠬᠠᠶᠢᠭᠤᠷ ︵ᠲᠤᠶᠢᠯ ᠤᠨ ᠬᠤᠷᠳᠤᠨ

ᠵᠠᠭᠪᠤᠷ ᠢ ᠲᠠᠨᠢᠯᠴᠠᠭᠤᠯᠬᠤ︶ ᠢ ᠬᠡᠷᠡᠭᠯᠡᠵᠦ᠂ ᠰᠢᠯᠭᠠᠭᠤᠯᠤᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ

ᠲᠠᠪᠴᠠᠩ ᠳᠤ ᠣᠷᠣᠬᠤ ᠶᠢ ᠰᠠᠨᠠᠭᠤᠯᠤᠶ᠎ᠠ᠃

      4. ᠰᠢᠯᠭᠠᠭᠤᠯᠤᠭᠴᠢ ᠡᠷᠬᠡᠪᠰᠢ ᠰᠢᠯᠭᠠᠬᠤ ᠲᠡᠮᠳᠡᠭ ᠳᠡᠭᠡᠷᠡᠬᠢ ᠰᠢᠯᠭᠠᠯᠲᠠ ᠶᠢᠨ ᠬᠢᠴᠢᠶᠡᠯ ᠲᠥᠷᠥᠯ᠂

ᠰᠢᠯᠭᠠᠯᠲᠠ ᠶᠢᠨ ᠴᠠᠭ ᠪᠣᠯᠤᠨ ᠰᠢᠯᠭᠠᠯᠲᠠ ᠶᠢᠨ ᠴᠡᠭ ᠵᠡᠷᠭᠡ ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠠᠷᠭᠤᠭᠤᠯᠬᠤ

 ᠶᠢᠨ ᠬᠠᠮᠲᠤ ︽ᠰᠢᠯᠭᠠᠭᠤᠯᠤᠭᠴᠢ ᠶᠢᠨ ᠰᠢᠯᠭᠠᠯᠲᠠ ᠶᠢᠨ ᠳᠦᠷᠢᠮ︾ ᠢ ᠨᠠᠷᠢᠨ ᠬᠢᠨᠠᠮᠠᠭᠠᠢ ᠤᠩᠰᠢᠵᠤ᠂ ᠲᠣᠭᠲᠠᠭᠰᠠᠨ

ᠴᠠᠭ ᠳᠤ ᠱᠠᠭᠠᠷᠳᠠᠯᠭ᠎ᠠ ᠶᠣᠰᠣᠭᠠᠷ ᠰᠢᠯᠭᠠᠯᠲᠠ ᠳᠤ ᠣᠷᠣᠯᠴᠠᠬᠤ ᠬᠡᠷᠡᠭᠲᠡᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号