︽ᠭᠤᠷᠪᠠᠨ ᠮᠤᠵᠢ ᠨᠢᠭᠡ ᠣᠷᠣᠨ︾ ᠤ ᠰᠤᠷᠭᠠᠨ ᠬᠥᠮᠦᠵᠢᠯ ᠢ ᠬᠠᠮᠵᠢᠯᠴᠠᠨ ᠬᠥᠭᠵᠢᠭᠦᠯᠬᠦ ᠶᠠᠷᠢᠶᠠᠨ ᠤ ᠲᠠᠪᠴᠠᠩ ᠢ ᠲᠦᠩᠯᠢᠶᠣᠤ ᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2025/5/29
      5 ᠰᠠᠷ᠎ᠠ ᠶᠢᠨ 27 - 28 ᠤ ᠡᠳᠦᠷ᠂ ︽ᠣᠷᠣᠨ ᠪᠦᠰᠡ ᠬᠠᠮᠵᠢᠯᠴᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ︿ᠭᠤᠷᠪᠠᠨ ᠮᠤᠵᠢ ᠨᠢᠭᠡ ᠣᠷᠣᠨ﹀ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠭᠦᠨᠵᠡᠭᠡᠶᠢᠷᠡᠭᠦᠯᠬᠦ ᠳᠤ ᠡᠨᠧᠷᠭᠢ ᠣᠯᠭᠤᠬᠤ︾ 2025 ᠣᠨ ᠤ ︽ᠭᠤᠷᠪᠠᠨ ᠮᠤᠵᠢ ᠨᠢᠭᠡ ᠣᠷᠣᠨ︾ ᠤ ᠰᠤᠷᠭᠠᠨ ᠬᠥᠮᠦᠵᠢᠯ ᠢ ᠬᠠᠮᠵᠢᠯᠴᠠᠨ ᠬᠥᠭᠵᠢᠭᠦᠯᠬᠦ ᠶᠠᠷᠢᠶᠠᠨ  ᠤ ᠲᠠᠪᠴᠠᠩ ᠢ ᠲᠦᠩᠯᠢᠶᠣᠤ ᠬᠤᠲᠠ ᠳᠤ ᠡᠷᠬᠢᠯᠡᠪᠡ᠃ ᠯᠢᠶᠣᠤᠨᠢᠩ᠂ ᠭᠢᠷᠢᠨ᠂ ᠬᠠᠷᠠᠮᠥ᠋ᠷᠡᠨ᠂ ᠥᠪᠥᠷ ᠮᠣᠩᠭᠤᠯ ᠳᠥᠷᠪᠡᠨ ᠮᠤᠵᠢ ᠣᠷᠣᠨ ᠤ 200 ᠰᠢᠬᠠᠮ ᠰᠤᠷᠭᠠᠨ ᠬᠥᠮᠦᠵᠢᠯ ᠤᠨ ᠡᠲᠡᠭᠡᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠢᠦ ᠵᠢᠶᠦ᠋ᠨ ᠴᠧᠩ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠠᠩ ᠬᠤᠸᠠᠨ ᡁᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠣᠣ ᠳ᠋ᠦᠩ ᠬᠠᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃   

1.jpg

      ᠭᠤᠣᠯ ᠶᠠᠷᠢᠶᠠᠨ ᠤ ᠲᠠᠪᠴᠠᠩ ᠤᠨ ᠭᠤᠭᠴᠤᠭ᠎ᠠ ᠳᠤ᠂ ᠵᠡᠭᠦᠨ ᠬᠤᠶᠢᠲᠤ ᠶᠢᠨ ᠪᠠᠭᠰᠢ ᠶᠢᠨ ᠶᠡᠭᠡ

ᠰᠤᠷᠭᠠᠭᠤᠯᠢ ᠶᠢᠨ ᠯᠢᠦ ᠬᠠᠢ ᠮᠢᠨ ᠫᠷᠤᠹᠧᠰᠰᠤᠷ᠂ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ᠳ᠋ᠤᠸᠠᠨ ᠬᠠᠢ

ᠵᠢᠶᠦ᠋ᠨ ᠫᠷᠤᠹᠧᠰᠰᠤᠷ ᠲᠤᠰ ᠲᠤᠰ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ

ᠠᠵᠢᠯᠯᠠᠭᠠᠨ ᠤ ᠲᠥᠰᠦᠯ᠂ ᠲᠣᠭᠠᠵᠢᠭᠤᠯᠤᠯᠲᠠ ᠪᠠ ᠣᠶᠤᠨᠴᠢᠯᠠᠯᠲᠠ ᠶᠢᠨ ᠴᠠᠭ ᠦᠶ᠎ᠡ ᠶᠢᠨ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠵᠡᠷᠭᠡ ᠭᠤᠣᠯ ᠰᠡᠳᠦᠪ ᠤᠨ ᠲᠣᠭᠤᠷᠢᠨ ᠳᠤ

ᠭᠤᠣᠯ ᠵᠣᠷᠢᠯᠲᠠᠲᠤ ᠮᠡᠳᠡᠭᠦᠯᠦᠯᠲᠡ ᠬᠢᠪᠡ᠃ ︽ᠭᠤᠷᠪᠠᠨ ᠮᠤᠵᠢ ᠨᠢᠭᠡ ᠣᠷᠣᠨ︾ ᠤ ᠰᠤᠷᠭᠠᠨ ᠬᠥᠮᠦᠵᠢᠯ ᠤᠨ

ᠰᠢᠰᠲ᠋ᠧᠮ ᠤᠨ ᠲᠥᠯᠥᠭᠡᠯᠡᠭᠴᠢ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠬᠦ᠂ ᠪᠦᠬᠦ ᠰᠤᠷᠤᠯᠭ᠎ᠠ ᠶᠢᠨ ᠱᠠᠲᠤᠨ ᠤ ᠵᠢᠱᠢᠶ᠎ᠡ ᠦᠵᠡᠭᠦᠯᠬᠦ ᠳᠣᠭᠲᠠᠯᠴᠠᠭ᠎ᠠ ᠶᠢ ᠪᠠᠶᠢᠭᠤᠯᠬᠤ᠂

ᠰᠠᠭᠤᠷᠢ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ᠂ ᠣᠷᠣᠨ ᠨᠤᠲᠤᠭ ᠢ ᠵᠡᠭᠦᠨ ᠬᠤᠶᠢᠲᠤ ᠶᠢᠨ

ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢᠨ ᠦᠢᠯᠡᠳᠦᠯᠭᠡ ᠪᠠ ᠪᠣᠳᠣᠯᠬᠢᠯᠠᠯ ᠳᠤ ᠠᠭᠤᠰᠬᠠᠬᠤ ᠵᠡᠷᠭᠡ

ᠭᠤᠣᠯ ᠰᠡᠳᠦᠪ ᠤᠨ ᠲᠣᠭᠤᠷᠢᠨ ᠳᠤ ᠲᠤᠷᠰᠢᠯᠭ᠎ᠠ ᠪᠠᠨ ᠬᠤᠪᠢᠶᠠᠯᠴᠠᠪᠠ᠃

      ᠬᠤᠪᠢᠶᠠᠷᠢ ᠶᠠᠷᠢᠶᠠᠨ ᠤ ᠲᠠᠪᠴᠠᠩ ᠤᠨ ᠭᠤᠭᠴᠤᠭ᠎ᠠ ᠳᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ

16 ᠰᠠᠯᠠᠭ᠎ᠠ ᠮᠥᠴᠢᠷ ᠵᠢᠴᠢ ᠵᠢᠭᠠᠬᠤ ᠶᠢ ᠰᠤᠳᠤᠯᠬᠤ ᠲᠠᠰᠤᠭ ᠤᠨ ᠬᠠᠷᠢᠭᠤᠴᠠᠯᠭᠠᠲᠠᠨ᠂ ᠳᠤᠮᠳᠠᠳᠤ ᠪᠠᠭ᠎ᠠ

ᠰᠤᠷᠭᠠᠭᠤᠯᠢ ᠶᠢᠨ ᠵᠠᠬᠢᠷᠤᠯ᠂ ᠶᠡᠭᠡ ᠳᠡᠭᠡᠳᠦ ᠰᠤᠷᠭᠠᠭᠤᠯᠢ ᠶᠢᠨ ᠲᠥᠯᠥᠭᠡᠯᠡᠭᠴᠢ᠂ ᠰᠤᠷᠭᠠᠨ ᠬᠥᠮᠦᠵᠢᠯ ᠤᠨ ᠡᠬᠢ

ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠨᠠᠷᠢᠯᠢᠭᠵᠢᠭᠤᠯᠤᠭᠰᠠᠨ ᠵᠢᠭᠠᠨ ᠰᠤᠷᠭᠠᠯᠲᠠ ᠶᠢᠨ ᠳᠣᠭᠲᠠᠯᠴᠠᠭᠠᠨ ᠤ

ᠪᠠᠶᠢᠭᠤᠯᠤᠯᠲᠠ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ᠂ ᠲᠣᠭᠠᠵᠢᠭᠤᠯᠤᠯᠲᠠ ᠪᠠᠷ ᠡᠨᠧᠷᠭᠢ ᠣᠯᠭᠤᠵᠤ

ᠬᠥᠮᠦᠨ ᠬᠥᠮᠦᠵᠢᠭᠦᠯᠬᠦ ᠥᠭᠡᠷᠡᠴᠢᠯᠡᠯᠲᠡ᠂ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠦᠢᠯᠡᠴᠢᠯᠡᠭᠡᠨ ᠤ

ᠰᠠᠭᠤᠷᠢ ᠰᠤᠷᠭᠠᠨ ᠬᠥᠮᠦᠵᠢᠯ ᠤᠨ ᠦᠢᠯᠡᠳᠦᠯᠭᠡ ᠵᠡᠷᠭᠡ 16 ᠵᠦᠢᠯ ᠤᠨ ᠡᠮᠦᠨ᠎ᠡ ᠵᠠᠬ᠎ᠠ ᠶᠢᠨ ᠵᠥᠪᠯᠡᠬᠦ ᠰᠡᠳᠦᠪ ᠤᠨ

ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠲᠤᠰ ᠲᠤᠰ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ

ᠪᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠦᠢᠯᠡᠳᠦᠯᠭᠡ ᠶᠢᠨ ᠶᠠᠪᠤᠴᠠ ᠳᠠᠬᠢ ᠡᠷᠬᠢᠮ ᠨᠠᠨᠳᠢᠨ ᠲᠤᠷᠰᠢᠯᠭ᠎ᠠ

 ᠪᠠᠨ ᠬᠤᠪᠢᠶᠠᠯᠴᠠᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠢ ᠬᠠᠮᠵᠢᠯᠴᠠᠨ ᠬᠥᠭᠵᠢᠭᠦᠯᠬᠦ ᠠᠷᠭ᠎ᠠ ᠤᠬᠠᠭᠠᠨ

ᠠᠷᠭ᠎ᠠ ᠪᠣᠳᠤᠯᠭ᠎ᠠ ᠶᠢ ᠰᠦᠪᠡᠭᠴᠢᠯᠡᠪᠡ᠃

      ︽ᠭᠤᠷᠪᠠᠨ ᠮᠤᠵᠢ ᠨᠢᠭᠡ ᠣᠷᠣᠨ︾ ᠭᠠᠵᠠᠷ ᠨᠤᠲᠤᠭ ᠣᠶᠢᠷ᠎ᠠ᠂ ᠬᠥᠮᠦᠨ ᠰᠣᠶᠤᠯ ᠲᠣᠳᠤᠨᠤ᠂ ᠬᠠᠶᠢᠷ᠎ᠠ

ᠰᠡᠳᠬᠢᠯᠭᠡ ᠵᠤᠵᠠᠭᠠᠨ᠃ ᠤᠷᠲᠤ ᠬᠤᠭᠤᠴᠠᠭᠠᠨ ᠤ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ

ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠮᠤᠵᠢ ᠨᠢᠭᠡ ᠣᠷᠣᠨ︾ ᠤ

ᠰᠤᠷᠭᠠᠨ ᠬᠥᠮᠦᠵᠢᠯ ᠤᠨ ᠳᠣᠭᠲᠠᠯᠴᠠᠭ᠎ᠠ ᠶᠢᠨ ᠬᠠᠮᠵᠢᠯᠴᠠᠬᠤ ᠶᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ ᠲᠠᠢ

ᠬᠠᠷᠢᠯᠴᠠᠨ ᠰᠤᠷᠪᠤᠯᠵᠢᠯᠠᠵᠤ ᠵᠥᠪᠳᠡᠯᠴᠡᠬᠦ ᠶᠢ ᠥᠷᠨᠢᠭᠦᠯᠦᠨ᠂ ᠰᠤᠷᠭᠠᠨ ᠬᠥᠮᠦᠵᠢᠯ ᠤᠨ ᠲᠥᠷᠥᠯ ᠵᠦᠢᠯ ᠤᠨ

ᠬᠠᠮᠲᠤᠷᠠᠯᠴᠠᠬᠤ᠂ ᠰᠠᠭᠤᠷᠢ ᠰᠤᠷᠭᠠᠨ ᠬᠥᠮᠦᠵᠢᠯ ᠤᠨ ᠪᠠᠭᠲᠠᠭᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠲᠣᠪᠤᠶᠢᠮ᠎ᠠ

ᠦᠷ᠎ᠡ ᠪᠦᠲᠦᠮᠵᠢ ᠣᠯᠵᠤ᠂ ᠨᠢᠭᠡᠨᠲᠡ ᠣᠯᠠᠨ ᠳᠡᠰ ᠳᠠᠪᠬᠤᠷᠭ᠎ᠠ  ᠶᠢᠨ᠂ ᠣᠯᠠᠨ ᠡᠰᠢᠵᠢᠭᠦᠯᠦᠭᠰᠡᠨ ᠬᠠᠮᠵᠢᠯᠴᠠᠭᠠᠨ ᠤ

ᠵᠠᠭᠪᠤᠷ ᠢ ᠪᠣᠢ ᠪᠣᠯᠭᠠᠪᠠ᠃ ᠢᠷᠡᠭᠡᠳᠦᠢ  ᠳᠤ᠂ 4 ᠮᠤᠵᠢ ᠣᠷᠣᠨ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ

ᠥᠷᠭᠡᠳᠬᠡᠵᠦ᠂ ᠬᠠᠮᠲᠤᠷᠠᠯᠴᠠᠭᠠᠨ ᠤ ᠠᠭᠤᠯᠭ᠎ᠠ ᠪᠠᠨ ᠪᠠᠶᠠᠯᠢᠭᠵᠢᠭᠤᠯᠤᠨ᠂ ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠨ

ᠰᠢᠨᠡᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠡᠬᠢ ᠪᠠᠶᠠᠯᠢᠭ ᠢ ᠬᠠᠮᠲᠤ ᠳᠤ ᠪᠠᠨ ᠪᠠᠶᠢᠭᠤᠯᠬᠤ᠂

ᠤᠳᠠᠭᠠᠨ ᠳᠠᠭᠠᠭᠠᠮᠠᠭᠠᠢ ᠪᠦᠲᠦᠮᠵᠢᠲᠡᠢ ᠠᠬᠢᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠠᠮᠵᠢᠯᠴᠠᠭᠠᠨ ᠤ

ᠲᠦᠷᠦᠯ ᠳᠡᠮᠳᠡᠭᠲᠦ ᠶᠢ ᠦᠷᠭᠦᠯᠵᠢᠯᠡᠨ ᠡᠭᠦᠳᠴᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠬᠠᠮᠲᠤ ᠳᠤ ᠪᠠᠨ ᠠᠬᠢᠭᠤᠯᠤᠨ᠎ᠠ᠃

      ᠡᠨᠡ ᠤᠳᠠᠭᠠᠨ ᠤ ᠶᠠᠷᠢᠶᠠᠨ ᠤ ᠲᠠᠪᠴᠠᠩ ᠢ ᠥᠪᠥᠷ ᠮᠣᠩᠭᠤᠯ᠂ ᠯᠢᠶᠣᠤᠨᠢᠩ᠂ ᠭᠢᠷᠢᠨ᠂ ᠬᠠᠷᠠᠮᠥ᠋ᠷᠡᠨ ᠳᠥᠷᠪᠡᠨ

ᠮᠤᠵᠢ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠮᠲᠤ ᠳᠤ ᠪᠠᠨ ᠵᠢᠯᠣᠭᠤᠳᠴᠤ᠂ ᠥᠪᠥᠷ ᠮᠣᠩᠭᠤᠯ ᠤᠨ

ᠦᠨᠳᠦᠰᠦᠲᠡᠨ ᠤ ᠶᠡᠭᠡ ᠰᠤᠷᠭᠠᠭᠤᠯᠢ ᠭᠤᠣᠯᠯᠠᠨ ᠡᠷᠬᠢᠯᠡᠵᠦ᠂ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ

ᠲᠣᠪᠴᠢᠶ᠎ᠠ ᠬᠠᠮᠵᠢᠨ ᠡᠷᠬᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号