ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠣᠷᠣᠨ ᠪᠦᠰᠡ ᠶᠢᠨ ᠣᠨᠴᠠᠯᠢᠭ ᠲᠠᠢ᠂ ᠠᠵᠢᠯ | ᠲᠦᠷᠦᠯ ᠤᠨ ᠣᠨᠴᠠᠯᠢᠭ ᠲᠠᠢ᠂ ᠤᠷ᠎ᠠ ᠮᠡᠷᠭᠡᠵᠢᠯ ᠤᠨ ᠣᠨᠴᠠᠯᠢᠭ ᠲᠠᠢ ᠠᠵᠢᠯ ᠣᠯᠭᠤᠯᠲᠠ ᠶᠢ ᠳᠠᠶᠢᠴᠢᠯᠠᠬᠤ | ᠴᠢᠳᠠᠪᠤᠷᠢ ᠪᠠᠷ ᠴᠢᠩᠭ᠎ᠠ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠢᠳᠡᠪᠬᠢᠲᠡᠢ ᠪᠤᠶᠢᠵᠢᠭᠤᠯᠤᠨ ᠡᠭᠦᠳᠴᠦ᠂ | ᠮᠠᠯᠵᠢᠬᠤ ᠲᠠᠷᠢᠶᠠᠯᠠᠬᠤ ᠣᠷᠣᠨ ᠤ ᠭᠦᠳᠡᠯᠮᠦᠷᠢ ᠬᠦᠴᠦᠨ ᠤ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ | ᠪᠡᠶᠡᠯᠡᠭᠦᠯᠬᠦ ᠶᠢ ᠠᠬᠢᠭᠤᠯᠪᠠ᠃ ᠣᠳᠣᠬᠠᠨ ᠪᠤᠯᠲᠠᠯ᠎ᠠ ᠨᠡᠶᠢᠲᠡ 124 ᠭᠦᠳᠡᠯᠮᠦᠷᠢ ᠦᠢᠯᠡᠴᠢᠯᠡᠭᠡᠨ ᠤ ᠲᠥᠷᠥᠯ | ᠲᠡᠮᠳᠡᠭ ᠢ ᠪᠤᠶᠢᠵᠢᠭᠤᠯᠵᠤ᠂ 60 ᠭᠠᠷᠤᠢ ᠲᠦᠮᠡᠨ ᠬᠥᠮᠥᠨ ᠤ ᠠᠵᠢᠯ ᠣᠯᠭᠤᠯᠲᠠ ᠶᠢ ᠳᠠᠶᠢᠴᠢᠯᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ | ᠬᠥᠭᠵᠢᠭᠦᠯᠬᠦ ᠶᠢ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠬᠦ ᠯᠦᠭᠡ ᠬᠠᠷᠢᠯᠴᠠᠨ | ᠤᠶᠠᠯᠳᠤᠭᠤᠯᠬᠤ᠂ ᠤᠷ᠎ᠠ ᠴᠢᠳᠠᠪᠤᠷᠢ ᠶᠢᠨ ᠲᠥᠷᠥᠯ ᠲᠡᠮᠳᠡᠭ ᠪᠠ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ | ᠬᠠᠷᠢᠯᠴᠠᠨ ᠤᠶᠠᠯᠳᠤᠭᠤᠯᠬᠤ᠂ ᠣᠨᠴᠠᠯᠢᠭᠲᠤ ᠲᠥᠷᠥᠯ ᠲᠡᠮᠳᠡᠭ ᠪᠠ ᠭᠠᠵᠠᠷ ᠣᠷᠣᠨ ᠤ ᠲᠥᠷᠥᠯ ᠲᠡᠮᠳᠡᠭ ᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠ ᠳᠡᠭᠡᠳᠦ ᠲᠠᠰ ᠤᠨ ᠤᠷ᠎ᠠ ᠴᠢᠳᠠᠪᠤᠷᠢ᠂ ᠴᠢᠨᠠᠷ ᠰᠠᠶᠢᠲᠠᠢ | ᠦᠢᠯᠡᠴᠢᠯᠡᠭᠡ᠂ ᠰᠣᠶᠣᠯ ᠪᠠ ᠵᠢᠭᠤᠯᠴᠢᠯᠠᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠣᠨᠴᠠᠯᠢᠭᠲᠤ | ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠬᠦᠴᠦᠯᠡᠨ ᠪᠤᠶ ᠪᠣᠯᠭᠠᠪᠠ᠃ ︽ᠢᠯᠡᠷᠡᠭᠦᠯᠬᠦ — ᠪᠤᠶᠢᠵᠢᠭᠤᠯᠬᠤ | — ᠳᠡᠭᠡᠭᠰᠢᠯᠡᠭᠦᠯᠭᠦ — ᠪᠤᠵᠠᠭᠠᠶᠢᠷᠠᠭᠤᠯᠬᠤ︾ ᠵᠠᠭᠪᠤᠷ ᠶᠣᠰᠣᠭᠠᠷ᠂ ᠭᠦᠳᠡᠯᠮᠦᠷᠢ ᠦᠢᠯᠡᠴᠢᠯᠡᠭᠡᠨ ᠤ ᠲᠥᠷᠥᠯ | ᠲᠡᠮᠳᠡᠭ ᠢ ᠪᠤᠶᠢᠵᠢᠭᠤᠯᠬᠤ ᠲᠤᠰᠬᠠᠢ ᠠᠵᠢᠯᠯᠠᠭ᠎ᠠ ᠶᠢ ᠠᠯᠬᠤᠮ ᠬᠤᠪᠢᠶᠠᠨ ᠬᠡᠷᠡᠭᠵᠢᠭᠦᠯᠵᠦ᠂ ᠣᠳᠣᠬᠠᠨ ᠪᠤᠯᠳᠠᠯ᠎ᠠ ᠪᠦᠭᠦ | ᠣᠷᠣᠨ ᠳᠤ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ 74 ᠪᠤᠶᠢᠵᠢᠭᠤᠯᠤᠨ ᠡᠭᠦᠳᠪᠡ᠃ ᠡᠭᠦᠨ ᠳᠤ | ︽ᠬᠢᠩᠭᠠᠨ ᠤ ᠭᠡᠷ ᠤᠨ ᠶᠠᠪᠤᠳᠠᠯ ᠤᠨ ᠦᠢᠯᠡᠴᠢᠯᠡᠭᠡ︾ ᠵᠡᠷᠭᠡ 16 ᠭᠦᠳᠡᠯᠮᠦᠷᠢ ᠦᠢᠯᠡᠴᠢᠯᠡᠭᠡᠨ ᠤ ᠲᠥᠷᠥᠯ | ᠲᠡᠮᠳᠡᠭ ᠨᠢ ᠪᠦᠭᠦ ᠤᠯᠤᠰ ᠤᠨ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠤᠨ ᠬᠥᠭᠵᠢᠯᠲᠡ ᠶᠢᠨ ᠶᠡᠭᠡ | ᠬᠤᠷᠠᠯ᠂ ︽ᠬᠤᠷᠴᠢᠨ ᠤ ᠤᠯᠠᠭᠠᠨ ᠦᠬᠡᠷ ᠤᠨ ᠠᠵᠤ ᠦᠢᠯᠡᠰ ᠤᠨ ᠠᠵᠢᠯᠴᠢᠨ︾ ᠵᠡᠷᠭᠡ ᠭᠦᠳᠡᠯᠮᠤᠷᠢ | ᠦᠢᠯᠡᠴᠢᠯᠡᠭᠡᠨ ᠤ ᠳᠦᠷᠦᠯ ᠵᠦᠢᠯ ᠨᠢ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠭᠦᠳᠡᠯᠮᠦᠷᠢ | ᠦᠢᠯᠡᠴᠢᠯᠡᠭᠡᠨ ᠤ ᠲᠥᠷᠥᠯ ᠲᠡᠮᠳᠡᠭ ᠤᠨ ᠰᠣᠯᠢᠯᠴᠠᠭᠠᠨ ᠤ ᠠᠵᠢᠯᠯᠠᠭ᠎ᠠ ᠪᠠ ᠥᠪᠥᠷ ᠮᠣᠩᠭᠤᠯ ᠤᠨ ᠭᠦᠳᠡᠯᠮᠦᠷᠢ | ᠦᠢᠯᠡᠴᠢᠯᠡᠭᠡᠨ ᠤ ᠲᠥᠷᠥᠯ ᠲᠡᠮᠳᠡᠭ ᠢ ᠪᠡᠭᠡᠵᠢᠩ ᠳᠤ ᠣᠷᠣᠭᠤᠯᠵᠤ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠳᠤ | ᠣᠷᠣᠯᠴᠠᠵᠠᠢ ᠃ | ᠡᠭᠦᠨ ᠤ ᠬᠠᠮᠲᠤ᠂ ᠥᠪᠥᠷ ᠮᠣᠩᠭᠤᠯ ᠪᠡᠭᠡᠵᠢᠩ ᠬᠤᠲᠠ ᠶᠢᠨ ᠠᠵᠢᠯ ᠲᠥᠷᠥᠯ ᠤᠨ ᠰᠢᠰᠲ᠋ᠧᠮ ᠢᠶᠠᠷ | ᠬᠠᠪᠰᠤᠷᠤᠨ ᠲᠡᠳᠬᠦᠬᠦ ᠲᠣᠭᠤᠷᠢᠭ ᠲᠠᠢ ᠬᠠᠮᠲᠤᠷᠠᠨ ᠨᠢᠭᠡ ᠪᠦᠯᠦᠭ ᠣᠷᠣᠨ ᠨᠤᠲᠤᠭ ᠤᠨ ᠣᠨᠴᠠᠯᠢᠭ ᠲᠠᠢ᠂ ᠠᠵᠢᠯ | ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠲᠣᠪᠤᠶᠢᠮ᠎ᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯᠯᠠᠬᠤ | ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠤᠶᠢᠵᠢᠭᠤᠯᠵᠤ᠂ ᠭᠦᠳᠡᠯᠮᠦᠷᠢ ᠦᠢᠯᠡᠴᠢᠯᠡᠭᠡᠨ ᠤ ᠴᠢᠨᠠᠷ | ᠴᠢᠨᠰᠠᠭ᠎ᠠ ᠦᠷ᠎ᠡ ᠠᠰᠢᠭ ᠢ ᠨᠡᠮᠡᠭᠳᠡᠭᠦᠯᠦᠨ᠂ ᠭᠦᠳᠡᠯᠮᠦᠷᠢ ᠦᠢᠯᠡᠴᠢᠯᠡᠭᠡᠨ ᠤ ᠭᠠᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ ᠪᠠᠰᠠ ᠭᠡᠷ ᠤᠨ ᠶᠠᠪᠤᠳᠠᠯ ᠤᠨ ᠦᠢᠯᠡᠴᠢᠯᠡᠭᠡᠨ ᠤ ᠭᠦᠳᠡᠯᠮᠦᠷᠢ | ᠦᠢᠯᠡᠴᠢᠯᠡᠭᠡ ᠶᠢ ᠭᠠᠳᠠᠭᠰᠢ ᠭᠠᠷᠭᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠡᠮᠬᠢ | ᠵᠢᠷᠤᠮ ᠲᠠᠢ ᠪᠠᠷ ᠰᠢᠯᠵᠢᠭᠦᠯᠦᠨ ᠠᠵᠢᠯ ᠣᠯᠭᠤᠬᠤ ᠶᠢ ᠳᠡᠮᠵᠢᠬᠦ᠂ ᠠᠵᠢᠯ ᠮᠡᠷᠭᠡᠵᠢᠯ ᠤᠨ ᠪᠣᠯᠪᠠᠰᠤᠷᠠᠯ ᠤᠨ | ᠬᠠᠮᠵᠢᠯᠴᠠᠨ ᠬᠥᠭᠵᠢᠬᠦ ᠶᠢ ᠠᠬᠢᠭᠤᠯᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠥᠪᠡᠷᠮᠢᠴᠡ | ᠣᠨᠴᠠᠯᠢᠭ ᠲᠠᠢ᠂ ᠬᠡᠪᠴᠢᠶᠡᠵᠢᠯ ᠲᠠᠢ᠂ ᠨᠥᠯᠥᠭᠡᠯᠡᠬᠦ ᠬᠦᠴᠦᠨ ᠲᠠᠢ ᠭᠡᠷ ᠤᠨ ᠶᠠᠪᠤᠳᠠᠯ ᠤᠨ ᠭᠦᠳᠡᠯᠮᠦᠷᠢ | ᠦᠢᠯᠡᠴᠢᠯᠡᠭᠡᠨ ᠤ ᠲᠥᠷᠥᠯ ᠲᠡᠮᠳᠡᠭ ᠢ ᠢᠳᠡᠪᠬᠢᠲᠡᠢ ᠪᠠᠷ ᠪᠤᠶᠢᠵᠢᠭᠤᠯᠵᠤ᠂ ᠨᠠᠩ ᠣᠯᠠᠨ ᠬᠤᠲᠠ ᠬᠥᠳᠡᠭᠡ ᠶᠢᠨ | ᠭᠦᠳᠡᠯᠮᠦᠷᠢ ᠬᠦᠴᠦᠨ ᠤ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠠᠵᠢᠯ ᠣᠯᠬᠤ ᠶᠢ ᠬᠥᠲᠥᠯᠥᠨ | ᠵᠢᠯᠤᠭᠤᠳᠴᠤ᠂ ᠭᠡᠷ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠬᠦ ᠶᠢ ᠠᠬᠢᠭᠤᠯᠪᠠ᠃ | | |