5 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ | ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ︽ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾᠂ ︽ᠨᠠᠢᠮᠠᠨ ᠲᠣᠭᠲᠠᠭᠠᠯ ᠢᠶᠠᠷ ᠳᠤᠮᠳᠠᠳᠤ ᠤᠯᠤᠰ ᠢ | ᠬᠤᠪᠢᠷᠠᠭᠤᠯᠬᠤ︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠲᠤᠰᠬᠠᠢ ᠰᠡᠳᠦᠪ ᠢᠶᠠᠷ | ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠰᠤᠷᠭᠠᠨ ᠬᠥᠮᠥᠵᠢᠯ ᠤᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ | ᠡᠨᠡ ᠤᠳᠠᠭᠠᠨ ᠤ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠲᠤᠬᠠᠶᠢᠯᠠᠭᠰᠠᠨ ᠠᠵᠢᠯ ᠤᠨ | ᠬᠦᠷᠢᠶᠡᠨ ᠳᠠᠬᠢ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠲᠤᠬᠠᠢ ᠣᠯᠤᠯᠲᠠ ᠪᠠ ᠲᠥᠷᠥᠭᠳᠡᠯ ᠢᠶᠠᠨ | ᠰᠣᠯᠢᠯᠴᠠᠪᠠ᠃ | ᠬᠤᠷᠠᠯ ᠠᠴᠠ᠂ ᠰᠤᠷᠭᠠᠨ ᠬᠥᠮᠥᠵᠢᠯ ᠤᠨ ᠲᠢᠩᠬᠢᠮ ᠤᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ︽ᠬᠤᠶᠠᠷ ᠢ | ᠳᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ︔ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠴᠢᠩᠭ᠎ᠠ | ᠮᠥᠷᠲᠡᠭᠡᠨ ᠪᠣᠳᠠᠲᠠᠢ ᠠᠬᠢᠭᠤᠯᠵᠤ᠂ ᠰᠤᠷᠤᠯᠴᠠᠵᠤ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ | ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠤᠷᠤᠯᠴᠠᠯᠭ᠎ᠠ ᠶᠢᠨ | ᠦᠷ᠎ᠡ ᠪᠦᠲᠦᠭᠡᠯ ᠢ ᠦᠨᠡᠨ ᠬᠦ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠳᠠᠭᠤᠷᠢᠶᠠᠯ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠡᠶ᠎ᠡ ᠪᠠᠨ ᠴᠢᠩᠭ᠎ᠠ ᠱᠠᠭᠠᠷᠳᠠᠨ᠂ | ᠬᠠᠷᠢᠭᠤᠴᠠᠯᠭ᠎ᠠ ᠶᠢ ᠴᠢᠩᠭ᠎ᠠ ᠡᠭᠦᠷᠭᠡᠯᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ︽ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠦᠨᠡᠨ ᠬᠦ ᠭᠦᠢᠴᠡᠳᠬᠡᠵᠦ᠂ ᠬᠤᠪᠢᠳᠠᠨ ᠬᠠᠮᠢᠶᠠᠷᠴᠤ | ᠪᠠᠶᠢᠭ᠎ᠠ ᠬᠦᠷᠢᠶ᠎ᠡ ᠴᠠᠷ᠎ᠠ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠨ᠂ ᠰᠢᠯᠢᠳᠡᠭ ᠨᠠᠮ ᠤᠨ ᠰᠤᠷᠲᠠᠯ ᠢᠶᠠᠷ ᠰᠤᠷᠭᠠᠨ ᠬᠥᠮᠦᠵᠢᠯ ᠤᠨ | ᠰᠢᠰᠲ᠋ᠧᠮ ᠤᠨ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠪᠠ ᠠᠵᠢᠯ ᠬᠢᠵᠦ ᠦᠢᠯᠡᠰ | ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |