ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠠ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ      ᠰᠤᠷᠤᠯᠴᠠᠨ ᠲᠤᠭᠤᠰᠢᠯᠠᠭᠤᠯᠵᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ      ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/5/30
      5 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ           ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ  ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠳᠤᠷᠠᠳᠤᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠵᠤ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠰᠡᠳᠬᠢᠯ ᠢᠶᠠᠨ ᠨᠢᠭᠡᠳᠬᠡᠨ ᠰᠦᠭ ᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠵᠥᠪ ᠶᠢᠷᠲᠢᠨᠴᠦ ᠶᠢᠨ ᠦᠵᠡᠯᠲᠡ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠠᠳᠬᠤᠵᠤ᠂ ᠪᠠᠭᠰᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠣᠷᠴᠢᠨ ᠲᠣᠭᠤᠷᠢᠨ ᠤ ᠬᠥᠮᠦᠨ ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ ᠢ ᠡᠭᠦᠳᠦᠨ ᠪᠠᠶᠢᠭᠤᠯᠬᠤ᠂ ᠤᠷᠠᠯᠢᠭ ᠤᠨ ᠦᠵᠡᠭᠦᠯᠭᠡ ᠶᠢᠨ ᠲᠣᠭᠯᠠᠯᠲᠠ᠂ ᠨᠡᠶᠢᠭᠡᠮ ᠤᠨ ᠪᠦᠯᠬᠦᠮ ᠤᠨ ᠠᠵᠢᠯᠯᠠᠭ᠎ᠠ ᠵᠡᠷᠭᠡ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠯᠤᠭᠳᠠᠬᠤᠨ ᠤ ᠪᠠᠶᠢᠭᠤᠯᠤᠯᠲᠠ ᠶᠢ ᠪᠠᠶᠠᠯᠢᠭᠵᠢᠭᠤᠯᠵᠤ᠂ ᠰᠣᠶᠣᠯ  ᠢᠶᠠᠷ ᠬᠥᠮᠦᠨ ᠬᠥᠮᠦᠵᠢᠭᠦᠯᠬᠦ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠶᠢ ᠭᠦᠨᠵᠡᠭᠡᠶᠢᠷᠡᠭᠦᠯᠵᠦ᠂ ᠰᠠᠶᠢᠨ ᠰᠠᠶᠢᠬᠠᠨ ᠭᠡᠷ ᠤᠨ ᠰᠤᠷᠲᠠᠯ᠂ ᠰᠤᠷᠭᠠᠭᠤᠯᠢ  ᠶᠢᠨ ᠰᠤᠷᠲᠠᠯ᠂ ᠰᠤᠷᠤᠯᠴᠠᠬᠤ ᠰᠤᠷᠲᠠᠯ ᠢ ᠶᠡᠭᠡ ᠪᠠᠷ ᠰᠠᠨᠠᠭᠠᠴᠢᠯᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠬᠦᠨᠳᠦᠳᠭᠡᠭᠰᠡᠨ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶᠡᠨ ᠤ ᠣᠷᠴᠢᠨ ᠪᠣᠯᠤᠨ ᠨᠡᠶᠢᠭᠡᠮ ᠤᠨ ᠣᠷᠴᠢᠨ ᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠹᠦᠳᠠᠨ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠣᠢ ᠳᠤ ᠥᠭᠭᠦᠭᠰᠡᠨ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠤᠯᠤᠰ ᠤᠨ ᠪᠠᠶᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ᠂ ᠡᠬᠢ ᠪᠠᠶᠠᠯᠢᠭ ᠪᠠ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠵᠤ᠂ ᠬᠤᠰᠢᠭᠤᠷᠠᠯ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠲᠤ ᠬᠡᠷᠡᠭᠯᠡᠬᠦ ᠶᠢ ᠥᠷᠨᠢᠭᠦᠯᠵᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠢᠨᠠᠷᠯᠢᠭ ᠬᠥᠭᠵᠢᠭᠦᠯᠬᠦ ᠳᠤ ᠪᠦᠬᠦ ᠬᠦᠴᠦᠨ ᠢᠶᠠᠷ ᠦᠢᠯᠡᠴᠢᠯᠡᠬᠦ ᠬᠡᠷᠡᠭᠲᠡᠢ᠃ ᠥᠷᠭᠡᠨ ᠣᠯᠠᠨ ᠵᠠᠯᠠᠭᠤᠴᠤᠳ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠲᠤ ᠪᠠᠨ ᠬᠦᠴᠦᠨ ᠨᠡᠮᠡᠷᠢᠯᠡᠬᠦ ᠵᠣᠷᠢᠯᠲᠠ ᠲᠠᠢ ᠪᠣᠯᠭᠠᠬᠤ ᠪᠠᠷ ᠬᠥᠲᠥᠯᠥᠨ ᠵᠢᠯᠣᠭᠤᠳᠴᠤ᠂ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠨᠢ ᠬᠥᠭᠵᠢᠭᠡᠨ᠂ ᠡᠷᠳᠡᠮ ᠴᠢᠳᠠᠪᠤᠷᠢ ᠳᠤ ᠴᠠᠭᠠᠷᠠᠭᠤᠯᠬᠤ ᠪᠠᠷ ᠳᠠᠪᠲᠠᠨ ᠪᠣᠯᠪᠠᠰᠤᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠯᠠᠯ ᠳᠤ ᠵᠠᠯᠠᠭᠤ ᠨᠠᠰᠤᠨ ᠤ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠥᠭᠭᠦᠭᠰᠡᠨ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢ ᠪᠠᠭᠠᠴᠤᠳ ᠬᠡᠦᠬᠡᠳ ᠤᠨ ᠰᠤᠷᠭᠠᠨ ᠬᠥᠮᠦᠵᠢᠯ ᠳᠤ ᠲᠤᠭᠤᠰᠢᠯᠠᠭᠤᠯᠵᠤ᠂ ᠥᠷᠲᠡᠭ ᠤᠨ ᠦᠵᠡᠯᠲᠡ ᠶᠢ ᠪᠣᠢ ᠪᠣᠯᠭᠠᠬᠤ ᠳᠤ ᠠᠩᠬᠠᠷᠤᠯ ᠢᠶᠠᠨ ᠬᠠᠨᠳᠤᠭᠤᠯᠤᠨ᠂ ᠲᠡᠳᠡᠨ ᠢ ᠬᠠᠪᠰᠤᠷᠤᠨ ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠬᠤ ᠬᠡᠷᠡᠭᠲᠡᠢ᠃ ᠡᠪ ᠬᠠᠮᠲᠤ ᠶᠣᠰᠣᠨ ᠤ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠵᠦ᠂ ᠤᠯᠤᠰ ᠲᠥᠷᠥ ᠪᠠᠷ ᠰᠡᠩᠬᠡᠷᠡᠭᠦᠯᠬᠦ ᠶᠢ ᠴᠢᠩᠭᠠᠳᠬᠠᠵᠤ᠂ ᠨᠠᠮ ᠪᠣᠯᠤᠨ ᠨᠡᠶᠢᠭᠡᠮ ᠵᠢᠷᠤᠮᠲᠤ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠠᠷᠠᠬᠠᠨ ᠪᠠᠭ᠎ᠠ ᠠᠴᠠ ᠨᠢ ᠬᠥᠮᠦᠵᠢᠭᠦᠯᠵᠦ᠂ ᠬᠤᠪᠢᠰᠬᠠᠯ ᠤᠨ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠪᠠᠲᠤᠯᠠᠨ᠂ ᠪᠠᠭᠠᠴᠤᠳ ᠬᠡᠦᠬᠡᠳ ᠢ ᠢᠮᠠᠭᠲᠠ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠠᠷ ᠬᠥᠲᠦᠯᠦᠨ ᠵᠢᠯᠣᠭᠤᠤᠳᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠶᠠᠷᠢᠶᠠᠨ ᠤ ᠲᠠᠪᠴᠠᠩ ᠤᠨ ᠬᠢᠴᠢᠶᠡᠯ ᠤᠨ ᠲᠠᠩᠬᠢᠮ᠂ ᠨᠡᠶᠢᠭᠡᠮ ᠤᠨ ᠪᠦᠯᠬᠦᠮ  ᠤᠨ ᠵᠣᠬᠢᠶᠠᠨ ᠪᠠᠶᠢᠭᠤᠯᠤᠯᠲᠠ ᠵᠡᠷᠭᠡ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠭᠠᠨ ᠬᠥᠮᠥᠵᠢᠯ ᠤᠨ ᠲᠢᠩᠬᠢᠮ ᠤᠨ ᠪᠠᠶᠢᠭᠤᠯᠭ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ  ᠶᠢ ᠰᠣᠨᠣᠰᠪᠠ᠃ ᠵᠣᠭᠰᠣᠴᠠ ᠪᠠᠨ ᠳᠠᠬᠢᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠳᠠᠷᠤᠯᠲᠠ ᠶᠢ ᠪᠣᠳᠠᠲᠠᠢ ᠳᠠᠮᠵᠢᠭᠤᠯᠵᠤ᠂ ᠥᠪᠡᠷ ᠤᠨ ᠪᠡᠶ᠎ᠡ ᠪᠠᠨ ᠰᠠᠶᠢᠲᠤᠷ ᠬᠠᠮᠢᠶᠠᠷᠴᠤ᠂ ᠳᠣᠣᠷᠠᠬᠢ ᠬᠥᠮᠦᠰ ᠢᠶᠠᠨ ᠰᠠᠶᠢᠲᠤᠷ ᠬᠠᠮᠢᠶᠠᠷᠴᠤ᠂ ᠲᠥᠷᠥᠯ ᠰᠠᠳᠤᠨ ᠪᠠ ᠳᠡᠷᠭᠡᠳᠡᠬᠢ ᠬᠥᠮᠦᠰ ᠢᠶᠠᠨ ᠰᠠᠶᠢᠲᠤᠷ ᠬᠠᠮᠢᠶᠠᠷᠴᠤ᠂ ︽ᠪᠣᠳᠤᠯ ᠢᠶᠠᠨ ᠲᠡᠭᠰᠢᠯᠡᠵᠦ᠂ ᠰᠡᠳᠬᠢᠯ ᠢᠶᠠᠨ ᠵᠠᠰᠠᠵᠤ᠂ ᠠᠮᠠ ᠪᠠᠨ ᠬᠠᠮᠢᠶᠠᠷᠴᠤ᠂ ᠭᠠᠷ ᠢᠶᠠᠨ ᠲᠠᠲᠠᠵᠤ᠂ ᠢᠳᠡᠷᠡᠭᠦᠨ ᠠᠯᠬᠤᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠤᠷᠤᠯᠴᠠᠵᠤ ᠪᠠᠶᠢᠴᠠᠭᠠᠵᠤ ᠥᠭᠡᠷᠡᠴᠢᠯᠡᠬᠦ ᠶᠢ ᠳᠠᠬᠢᠨ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠬᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ  ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠲᠠᠢ ᠤᠶᠠᠯᠳᠤᠭᠤᠯᠤᠨ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠠᠷᠠᠯᠲᠠ ᠲᠠᠢ ᠵᠠᠰᠠᠵᠤ᠂ ᠰᠤᠷᠤᠯᠴᠠᠵᠤ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠡᠪᠡᠳᠴᠢᠨ ᠤ ᠭᠤᠯᠣᠮᠲᠠ︾ ᠶᠢ ᠡᠷᠢᠵᠦ ᠣᠯᠤᠨ᠂ ᠳᠠᠷᠤᠢ ᠳᠤ ᠨᠢ ᠬᠥᠳᠡᠯᠵᠦ ᠳᠠᠷᠤᠢ ᠳᠤ ᠨᠢ ᠥᠭᠡᠷᠡᠴᠢᠯᠡᠬᠦ ᠬᠡᠷᠡᠭᠲᠡᠢ᠃ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠶᠢ ᠳᠠᠬᠢᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠲᠠᠢ ᠬᠠᠷᠢᠴᠠᠭᠤᠯᠤᠨ ᠥᠪᠡᠷ ᠢ  ᠪᠠᠨ ᠪᠠᠶᠢᠴᠠᠭᠠᠬᠤ᠂ ᠠᠯᠳᠠᠭ᠎ᠠ ᠪᠤᠷᠤᠭᠤ ᠶᠢ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠬᠦ ᠶᠢ ᠥᠷᠨᠢᠭᠦᠯᠵᠦ᠂ ᠰᠤᠷᠤᠯᠴᠠᠯᠭ᠎ᠠ ᠴᠢᠨᠠᠷ ᠴᠢᠨᠰᠠᠭ᠎ᠠ ᠲᠠᠢ᠂ ᠪᠠᠶᠢᠴᠠᠭᠠᠯᠲᠠ ᠡᠷᠴᠢᠮ ᠲᠠᠢ᠂ ᠥᠭᠡᠷᠡᠴᠢᠯᠡᠯᠲᠡ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠬᠤ ᠶᠢ ᠴᠢᠩᠭᠠᠳᠬᠠᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号