5 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠭᠠᠴᠤᠳ ᠤᠨ ᠠᠵᠢᠯ ᠤᠨ | ᠬᠤᠷᠢᠶ᠎ᠠ ᠠᠴᠠ ᠭᠤᠣᠯᠯᠠᠨ ᠡᠷᠬᠢᠯᠡᠭᠰᠡᠨ ︽ᠰᠢᠨ᠎ᠡ ᠦᠵᠡᠯ ᠰᠠᠨᠠᠭ᠎ᠠ ᠶᠢ ᠰᠤᠷᠤᠯᠴᠠᠵᠤ ᠰᠠᠶᠢᠨ ᠵᠠᠯᠭᠠᠮᠵᠢᠯᠠᠭᠴᠢ | ᠪᠣᠯᠤᠨᠠᠮ - ︿6.1﹀ ᠤ ᠭᠤᠣᠯ ᠰᠡᠳᠦᠪᠲᠦ ᠠᠵᠢᠯᠯᠠᠭ᠎ᠠ︾ ᠶᠢ ᠬᠥᠬᠡᠬᠤᠲᠠ ᠶᠢᠨ ᠢᠦᠢ ᠴᠢᠦᠸᠡᠨ ᠲᠣᠭᠤᠷᠢᠭ ᠤᠨ | ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠳᠤ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ | ᠳ᠋ᠦ᠋ ᠬᠤᠢ ᠯᠢᠶᠠᠩ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠳᠡᠳ᠋ ᠱᠦᠵᠢ ᠯᠢᠦ ᠰᠢᠶᠣᠤ ᠢᠦᠢ | ᠠᠵᠢᠯᠯᠠᠭ᠎ᠠ ᠳᠤ ᠣᠷᠣᠯᠴᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢᠳ ᠲᠤ | ᠪᠡᠯᠡᠭ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ | | | | | | ᠠᠵᠢᠯᠯᠠᠭ᠎ᠠ ᠶᠢᠨ ᠶᠠᠪᠤᠴᠠ ᠳᠤ᠂ ᠢᠦᠢ ᠴᠢᠦᠸᠡᠨ ᠲᠣᠭᠤᠷᠢᠭ ᠤᠨ 32 ᠳᠤᠮᠳᠠᠳᠤ ᠪᠠᠭ᠎ᠠ ᠰᠤᠷᠭᠠᠭᠤᠯᠢ ᠶᠢᠨ | ︽ᠤᠯᠠᠭᠠᠨ ᠪᠥᠴᠡᠲᠡᠨ ᠤ ᠨᠡᠶᠢᠭᠡᠮᠯᠢᠭ︾ ᠤᠯᠠᠮᠵᠢᠯᠠᠯᠲᠤ ᠰᠣᠶᠣᠯ᠂ ᠪᠣᠳᠠᠰ ᠤᠨ ᠪᠤᠰᠤ ᠰᠣᠶᠣᠯ ᠤᠨ ᠤᠯᠠᠮᠵᠢᠯᠠᠯ᠂ | ᠤᠮᠠᠷᠠᠲᠤ ᠬᠢᠯᠢ ᠶᠢᠨ ᠰᠣᠶᠣᠯ᠂ ᠦᠨᠳᠦᠰᠦᠲᠡᠨ ᠤ ᠪᠦᠯᠬᠦᠮᠳᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠰᠡᠯ ᠬᠥᠭᠡᠭᠡᠴᠡᠯᠳᠦᠯ᠂ ᠰᠡᠳᠬᠢᠴᠡ ᠪᠠᠷ ᠬᠥᠮᠦᠨ ᠬᠥᠮᠦᠵᠢᠭᠦᠯᠬᠦ ᠵᠡᠷᠭᠡ ᠦᠢᠯᠡᠳᠦᠯᠭᠡ ᠶᠢᠨ ᠦᠷ᠎ᠡ ᠪᠦᠲᠦᠭᠡᠯ ᠢ | ᠳᠡᠯᠭᠡᠨ ᠦᠵᠡᠭᠦᠯᠪᠡ᠃ ᠭᠦᠸᠧ ᠴᠤᠤ ᠺᠠᠷᠲ᠋ᠣᠨ ᠪᠦᠲᠦᠭᠡᠯ ᠤᠨ ᠦᠵᠡᠭᠦᠯᠭᠡ᠂ ᠬᠥᠬᠡᠬᠤᠲᠠ ᠶᠢᠨ ᠣᠨᠴᠠᠯᠢᠭᠲᠤ | ᠠᠮᠲᠠᠲᠤ ᠢᠳᠡᠭᠡᠨ ᠢ ᠪᠡᠶᠡᠴᠢᠯᠡᠨ ᠣᠶᠢᠯᠠᠭᠠᠬᠤ᠂ ᠤᠶᠤᠨᠲᠤ ᠮᠠᠰᠢᠨ ᠬᠥᠮᠦᠨ ᠦᠢᠯᠡᠳᠦᠯᠴᠡᠬᠦ᠂ ᠰᠡᠳᠬᠢᠴᠡ ᠶᠢᠨ | ᠡᠷᠡᠭᠦᠯ ᠮᠡᠨᠳᠦ ᠶᠢᠨ ᠰᠣᠨᠢᠷᠬᠠᠯᠲᠤ ᠲᠣᠭᠯᠠᠭᠠᠮ ᠵᠡᠷᠭᠡ ᠣᠯᠠᠨ ᠬᠡᠯᠪᠡᠷᠢ ᠪᠠᠷ ᠰᠢᠨ᠎ᠡ ᠴᠠᠭ ᠦᠶ᠎ᠡ ᠶᠢᠨ ᠪᠠᠭᠠᠴᠤᠳ | ᠬᠡᠦᠬᠡᠳ ᠤᠨ ᠰᠢᠨ᠎ᠡ ᠶᠢ ᠡᠭᠦᠳᠴᠦ ᠦᠢᠯᠡᠳᠦᠯᠭᠡᠵᠢᠭᠦᠯᠬᠦ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠪᠡ᠃ | | | | | | ᠦᠯᠢᠶᠡᠭᠦᠷ ᠬᠥᠭᠵᠢᠮ ᠤᠨ ᠠᠩᠭᠢ ᠶᠢᠨ ᠬᠥᠭᠵᠢᠮᠳᠡᠭᠰᠡᠨ ︽ᠰᠠᠴᠤᠷᠠᠨ ᠭᠢᠯᠠᠯᠵᠠᠬᠤ ᠤᠯᠠᠭᠠᠨ | ᠣᠳᠣᠨ︾ 2025 ᠣᠨ ᠤ ︽6.1︾ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠶᠢᠨ ᠦᠵᠡᠭᠦᠯᠭᠡ ᠶᠢᠨ | ᠲᠣᠭᠯᠠᠯᠲᠠ ᠶᠢᠨ ᠬᠥᠰᠢᠭᠡ ᠶᠢ ᠰᠡᠬᠦᠵᠦ᠂ ᠬᠤᠪᠢᠰᠬᠠᠯ ᠤᠨ ᠦᠵᠡᠭᠳᠡᠯᠲᠦ ᠵᠦᠴᠦᠭᠡ ︽ᠪᠣᠭᠤᠮᠲᠠ ᠶᠢᠨ ᠭᠠᠳᠠᠨᠠᠬᠢ | ᠬᠠᠰᠬᠢᠷᠤᠯ︾ ᠨᠢ ᠤᠮᠠᠷᠠᠲᠤ ᠬᠢᠯᠢ ᠶᠢᠨ ᠡᠬᠡ ᠭᠠᠵᠠᠷ ᠲᠤ ᠨᠠᠨᠳᠢᠩᠨᠠᠨ ᠬᠠᠳᠠᠭᠠᠯᠠᠭᠳᠠᠵᠤ ᠪᠠᠶᠢᠭ᠎ᠠ ᠦᠨᠳᠦᠰᠦᠲᠡᠨ ᠤ | ᠪᠦᠯᠬᠦᠮᠳᠡᠯ ᠤᠨ ᠰᠡᠳᠬᠢᠯ ᠬᠥᠳᠡᠯᠭᠡᠮ᠎ᠡ ᠰᠠᠶᠢᠬᠠᠨ ᠦᠯᠢᠭᠡᠷ ᠢ ᠲᠠᠬᠢᠨ ᠢᠯᠡᠷᠡᠭᠦᠯᠵᠦ᠂ ᠡᠬᠡ ᠣᠷᠣᠨᠴᠢ ᠦᠵᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠪᠠ᠃ ᠪᠠᠭᠠᠴᠤᠳ ᠬᠡᠦᠬᠡᠳ ᠪᠠᠶᠠᠷ ᠤᠨ ᠦᠭᠡ ︽ᠤᠯᠠᠭᠠᠨ ᠪᠦᠴᠡᠳᠡᠳ ᠡᠬᠡ | ᠤᠯᠤᠰ ᠢᠶᠠᠨ ᠮᠠᠭᠲᠠᠨ ᠳᠠᠭᠤᠯᠠᠶ᠎ᠠ︾᠂ ᠪᠥᠵᠢᠭ ︽ᠪᠠᠭᠠᠴᠤᠤᠯ ᠪᠠ ᠠᠤᠭ᠎ᠠ ᠵᠣᠷᠢᠭ︾ ᠵᠡᠷᠭᠡ ᠡᠯᠪᠡᠭ ᠪᠠᠶᠠᠯᠢᠭ | ᠠᠭᠤᠯᠭ᠎ᠠ ᠪᠥᠬᠦᠢ ᠤᠷᠠᠯᠢᠭ ᠤᠨ ᠲᠣᠭᠯᠠᠯᠲᠠ ᠪᠠᠷ ᠳᠠᠮᠵᠢᠭᠤᠯᠤᠨ ᠪᠠᠶᠠᠷ ᠤᠨ ᠡᠳᠦᠷ ᠢᠶᠠᠨ ᠤᠭᠲᠤᠪᠠ᠃ | | | | | | ᠪᠠᠭᠠᠴᠤᠳ ᠬᠡᠦᠬᠡᠳ ᠪᠣᠯ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠢᠷᠡᠭᠡᠳᠦᠢ ᠶᠢᠨ ᠰᠢᠨ᠎ᠡ ᠬᠦᠴᠦᠨ | ᠮᠥᠨ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠣᠰᠣ ᠰᠤᠷᠲᠠᠬᠤᠨ ᠢ ᠪᠣᠢ ᠪᠣᠯᠭᠠᠵᠤ | ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠬᠠᠨᠳᠤᠭᠤᠯᠤᠨ᠂ ᠪᠦᠬᠦ ᠣᠷᠣᠨ ᠤ ᠪᠠᠭᠠᠴᠤᠳ | ᠬᠡᠦᠬᠡᠳ ᠤᠨ ᠦᠵᠡᠯ ᠰᠠᠨᠠᠭ᠎ᠠ ᠶᠢ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠤᠪᠢᠰᠬᠠᠯ ᠤᠨ ᠤᠳᠤᠮᠰᠢᠯ ᠢ | ᠤᠯᠠᠮᠵᠢᠯᠠᠵᠤ᠂ ᠳᠤᠮᠳᠠᠳᠤ ᠶᠢᠨ ᠰᠣᠶᠣᠯ ᠢ ᠤᠯᠠᠮᠵᠢᠯᠠᠨ᠂ ᠲᠡᠮᠡᠴᠡᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠷᠭᠡᠨ | ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠬᠡᠰᠢᠭᠦᠨ ᠢ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠨ᠂ | ᠰᠢᠷᠭᠠᠭᠤ ᠬᠠᠲᠠᠭᠤᠵᠢᠯᠲᠠᠢ ᠰᠤᠷᠤᠯᠴᠠᠵᠤ᠂ ᠪᠦᠬᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ | ᠪᠠᠭᠠᠴᠤᠳ ᠪᠣᠯᠭᠠᠨ ᠬᠥᠮᠥᠵᠢᠭᠦᠯᠦᠨ᠎ᠡ᠃ | ᠡᠨᠡ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠷᠢᠶ᠎ᠠ᠂ ᠪᠠᠭᠠᠴᠤᠳ ᠤᠨ ᠬᠤᠰᠢᠭᠤᠴᠢ ᠠᠩᠭᠢ ᠶᠢᠨ | ᠬᠥᠬᠡᠬᠤᠲᠠ ᠶᠢᠨ ᠠᠵᠢᠯ ᠤᠨ ᠵᠥᠪᠯᠡᠯ ᠠᠴᠠ ᠳᠠᠭᠠᠭᠠᠴᠢᠯᠠᠨ ᠡᠷᠬᠢᠯᠡᠵᠦ᠂ ᠢᠦᠢ ᠴᠢᠦᠸᠡᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠢ ᠴᠢᠦᠸᠡᠨ ᠲᠣᠭᠤᠷᠢᠭ ᠤᠨ ᠵᠥᠪᠯᠡᠯ᠂ | ᠪᠠᠭᠠᠴᠤᠳ ᠤᠨ ᠬᠤᠰᠢᠭᠤᠴᠢ ᠠᠩᠭᠢ ᠶᠢᠨ ᠢᠦᠢ ᠴᠢᠦᠸᠡᠨ ᠲᠣᠭᠤᠷᠢᠭ ᠤᠨ ᠠᠵᠢᠯ ᠤᠨ ᠵᠥᠪᠯᠡᠯ ᠠᠴᠠ ᠬᠠᠮᠵᠢᠯᠴᠠᠨ | ᠡᠷᠬᠢᠯᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ | | | |