︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠪᠦᠬᠦ ᠣᠷᠣᠨ ᠤ | ᠡᠯ᠎ᠡ ᠭᠠᠵᠠᠷ ᠤᠨ ᠡᠯ᠎ᠡ ᠰᠤᠷᠭᠠᠭᠤᠯᠢ ᠰᠤᠷᠤᠭᠴᠢᠳ ᠢ ᠢᠳᠡᠪᠬᠢᠲᠡᠢ ᠵᠣᠬᠢᠶᠠᠨ ᠪᠠᠶᠢᠭᠤᠯᠵᠤ᠂ ᠡᠯᠪᠡᠭ ᠪᠠᠶᠠᠯᠢᠭ | ᠪᠡᠯᠭᠡᠯᠡᠬᠦ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠲᠤ ᠪᠠᠶᠠᠷ ᠤᠨ ᠡᠳᠦᠷ ᠤᠨ ᠰᠠᠶᠢᠨ ᠰᠠᠶᠢᠬᠠᠨ ᠢ ᠮᠡᠳᠡᠷᠡᠭᠦᠯᠦᠨ᠂ | ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠢ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ | ᠮᠠᠨᠳᠤᠭᠤᠯᠤᠨ ᠨᠠᠮ ᠢᠶᠠᠨ ᠳᠠᠭᠠᠬᠤ ᠪᠠᠷ ᠬᠥᠲᠦᠯᠦᠨ ᠵᠢᠯᠣᠭᠤᠳᠴᠤ᠂ ᠡᠪ ᠬᠠᠮᠲᠤ ᠶᠣᠰᠣᠨ ᠤ ᠵᠠᠯᠭᠠᠮᠵᠢᠯᠠᠭᠴᠢ ᠶᠢ | ᠬᠥᠮᠦᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠬᠠᠨᠳᠤᠭᠤᠯᠤᠨ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ ᠬᠥᠮᠦᠵᠢᠭᠦᠯᠬᠦ ᠶᠢ ᠵᠣᠷᠢᠵᠤ᠂ | ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠬᠡᠰᠢᠭᠦᠨ ᠢ ᠨᠠᠮ ᠢᠶᠠᠨ ᠬᠠᠶᠢᠷᠠᠯᠠᠨ ᠤᠯᠤᠰ ᠢᠶᠠᠨ | ᠬᠠᠶᠢᠷᠠᠯᠠᠵᠤ᠂ ᠰᠢᠷᠭᠠᠭᠤ ᠰᠤᠷᠤᠯᠴᠠᠨ᠂ ᠪᠦᠬᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ | ᠪᠠᠭᠠᠴᠤᠳ ᠪᠣᠯᠭᠠᠬᠤ ᠪᠠᠷ ᠬᠥᠲᠦᠯᠦᠨ ᠳᠠᠭᠠᠭᠤᠯᠪᠠ᠃ ᠬᠠᠮᠲᠤ ᠳᠤ ᠪᠠᠨ ᠦᠵᠡᠵᠡᠭᠡᠶ᠎ᠡ — | ᠬᠥᠬᠡᠬᠤᠲᠠ | ᠬᠥᠬᠡᠬᠤᠲᠠ ︽ᠨᠠᠮ ᠤᠨ ᠵᠢᠯᠣᠭᠤᠳᠤᠯᠭ᠎ᠠ ᠶᠢ ᠪᠠᠲᠤ ᠴᠡᠭᠡᠵᠢᠯᠡᠵᠦ ᠤᠯᠤᠰ ᠢᠶᠠᠨ ᠬᠦᠴᠦᠷᠬᠡᠭᠵᠢᠭᠦᠯᠬᠦ ᠳᠤ | ᠪᠠᠭᠠᠴᠤᠳ ᠪᠢᠳᠡ ᠪᠣᠢ︾ 2025 ᠣᠨ ᠤ ᠬᠥᠬᠡᠬᠤᠲᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ | ᠬᠡᠩᠭᠡᠷᠭᠡᠴᠢᠨ ᠤ ᠤᠷᠤᠯᠳᠤᠭᠠᠨ ᠢ ᠡᠷᠬᠢᠯᠡᠵᠦ᠂ ᠪᠦᠬᠦ ᠬᠤᠲᠠ ᠶᠢᠨ 1000 ᠭᠠᠷᠤᠢ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠨ ᠤᠷᠤᠯᠳᠤᠭᠠᠨ ᠤ ᠲᠠᠯᠠᠪᠤᠷ ᠲᠤ ᠮᠥᠷᠦᠶᠢᠴᠡᠯᠳᠦᠪᠡ᠃ | ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠭᠤᠣᠯ ᠪᠠᠭ᠎ᠠ ᠰᠤᠷᠭᠠᠭᠤᠯᠢ ᠶᠢᠨ ᠪᠠᠭᠰᠢ | ᠰᠤᠷᠤᠭᠴᠢᠳ ᠵᠠᠯᠠᠨ ᠪᠠᠶᠢᠰᠢᠩ ᠰᠤᠳᠤᠯᠭᠠᠨ ᠤ ᠰᠠᠭᠤᠷᠢᠨ ᠭᠠᠵᠠᠷ ᠲᠤ ᠬᠦᠷᠴᠦ᠂ ︽ᠨᠠᠮ ᠤᠨ ᠵᠢᠯᠣᠭᠤᠳᠤᠯᠭ᠎ᠠ ᠶᠢ | ᠪᠠᠲᠤ ᠴᠡᠭᠡᠵᠢᠯᠡᠵᠦ ᠤᠯᠤᠰ ᠢᠶᠠᠨ ᠬᠦᠴᠦᠷᠬᠡᠭᠵᠢᠭᠦᠯᠬᠦ ᠳᠤ ᠪᠠᠭᠠᠴᠤᠳ ᠪᠢᠳᠡ ᠪᠣᠢ︾ ᠬᠢᠴᠢᠶᠡᠯ ᠤᠨ ᠲᠠᠩᠬᠢᠮ ᠵᠢᠴᠢ | ︽6 · 1︾ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢ ᠰᠤᠳᠤᠯᠤᠨ | ᠰᠤᠷᠤᠯᠴᠠᠬᠤ ᠦᠢᠯᠡᠳᠦᠯᠭᠡ᠂ ᠦᠷ᠎ᠡ ᠪᠦᠲᠦᠭᠡᠯ ᠢ ᠬᠥᠬᠢᠭᠦᠯᠦᠨ ᠰᠠᠶᠢᠰᠢᠶᠠᠬᠤ ᠪᠠ ᠤᠳᠬ᠎ᠠ ᠤᠷᠠᠯᠢᠭ ᠤᠨ | ᠦᠵᠡᠭᠦᠯᠭᠡ ᠶᠢᠨ ᠲᠣᠭᠯᠠᠯᠲᠠ ᠳᠤ ᠠᠭᠤᠰᠬᠠᠨ᠂ ᠪᠦᠬᠦ ᠰᠤᠷᠭᠠᠭᠤᠯᠢ ᠶᠢᠨ ᠰᠤᠷᠤᠭᠴᠢᠳ ᠲᠤ ︽ᠶᠠᠪᠤᠵᠤ | ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠬᠠᠩᠭᠠᠪᠠ᠃ | | | | | | | | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠠᠮ ᠬᠠᠷᠢᠯᠴᠠᠭᠠᠨ ᠤ ᠳᠡᠭᠡᠳᠦ ᠰᠤᠷᠭᠠᠭᠤᠯᠢ ᠵᠢᠷᠭᠤᠭᠠᠨ | ᠰᠠᠷ᠎ᠠ ᠶᠢᠨ ᠨᠢᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠷ ᠤᠷᠠᠯᠠᠯ ᠤᠨ ᠴᠤᠭᠯᠠᠭᠠᠨ ᠢ ᠥᠷᠨᠢᠭᠦᠯᠪᠡ᠃ | | | | | | | | ᠪᠤᠭᠤᠲᠤ ᠬᠤᠲᠠ | ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠤᠯᠠᠭᠠᠨ ᠪᠠᠭ᠎ᠠ ᠰᠤᠷᠭᠠᠭᠤᠯᠢ ︽ᠨᠠᠮ ᠤᠨ | ᠵᠢᠯᠣᠭᠤᠳᠤᠯᠭ᠎ᠠ ᠶᠢ ᠪᠠᠲᠤ ᠴᠡᠭᠡᠵᠢᠯᠡᠵᠦ ᠤᠯᠤᠰ ᠢᠶᠠᠨ ᠬᠦᠴᠦᠷᠬᠡᠭᠵᠢᠭᠦᠯᠬᠦ ᠳᠤ ᠪᠠᠭᠠᠴᠤᠳ ᠪᠢᠳᠡ ᠪᠣᠢ︾ ᠭᠡᠬᠦ | ᠪᠠᠭᠠᠴᠤᠳ ᠤᠨ ᠬᠤᠰᠢᠭᠤᠴᠢ ᠠᠩᠭᠢ ᠶᠢᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠳᠤᠮᠳᠠ ᠠᠩᠭᠢ ᠶᠢᠨ | ᠬᠠᠪᠰᠤᠷᠤᠨ ᠵᠢᠯᠣᠭᠤᠳᠣᠭᠴᠢ ᠪᠠᠭᠰᠢ ︽ᠤᠯᠠᠭᠠᠨ ᠪᠥᠴᠡᠲᠡᠨ ᠲᠠᠶᠢᠯᠪᠤᠷᠢᠯᠠᠭᠴᠢ︾ ᠪᠣᠯᠵᠣ᠂ ᠠᠮᠢᠳᠤᠯᠢᠭ ᠬᠠᠮ | ᠵᠠᠭᠤᠴᠢᠯᠠᠭᠤᠷ ᠤᠨ ᠫᠷᠣᠭ᠍ᠷᠠᠮ ᠪᠣᠯᠤᠨ ᠰᠣᠨᠢᠷᠬᠠᠯᠲᠤ ᠺᠠᠷᠲ᠋ᠣᠨ ᠵᠢᠷᠤᠭ ᠢ ᠠᠰᠢᠭᠯᠠᠨ᠂ ᠨᠢᠭᠡᠳᠦᠭᠡᠷ ᠣᠨ ᠤ | ᠰᠤᠷᠤᠭᠴᠢᠳ ᠲᠤ ᠪᠠᠭᠠᠴᠤᠳ ᠤᠨ ᠬᠤᠰᠢᠭᠤᠴᠢ ᠠᠩᠭᠢ ᠶᠢᠨ ︽ᠵᠢᠷᠭᠤᠭ᠎ᠠ ᠶᠢ ᠮᠡᠳᠡᠵᠦ ᠵᠢᠷᠭᠤᠭ᠎ᠠ ᠶᠢ ᠴᠢᠳᠠᠵᠤ | ᠨᠢᠭᠡ ᠶᠢ ᠬᠢᠬᠦ︾ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃ | ᠪᠤᠭᠤᠲᠤ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ︽ᠪᠠᠭᠠᠴᠤᠳ ᠬᠡᠦᠬᠡᠳ ᠨᠠᠮ ᠢᠶᠠᠨ ᠳᠠᠭᠠᠵᠤ᠂ | ᠴᠠᠭᠳᠠᠭ᠎ᠠ ᠲᠠᠢ ᠭᠠᠷ ᠬᠤᠯᠪᠤᠨ ᠵᠢᠷᠭᠤᠭᠠᠨ ᠰᠠᠷ᠎ᠠ ᠶᠢᠨ ᠨᠢᠭᠡᠨ ᠢᠶᠠᠨ ᠪᠡᠯᠭᠡᠯᠡᠨᠡᠮ︾ ᠭᠤᠣᠯ ᠰᠡᠳᠦᠪᠲᠦ ᠠᠵᠢᠯᠯᠠᠭ᠎ᠠ | ᠶᠢ ᠥᠷᠨᠢᠭᠦᠯᠵᠦ᠂ ᠪᠠᠭᠰᠢ᠂ ᠴᠠᠭᠳᠠᠭ᠎ᠠ᠂ ᠭᠡᠷ ᠤᠨ ᠠᠬᠠᠮᠠᠳ ᠦᠢᠯᠡᠳᠦᠯᠴᠡᠬᠦ ᠲᠠᠪᠴᠠᠩ ᠢ ᠪᠠᠶᠢᠭᠤᠯᠤᠨ᠂ | ᠰᠤᠷᠤᠭᠴᠢᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠨ᠂ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠠᠯᠤᠰ ᠬᠡᠳᠦ ᠶᠢᠨ ᠬᠦᠰᠡᠯᠡᠩ ᠲᠠᠢ ᠪᠣᠯᠭᠠᠬᠤ ᠪᠠᠷ ᠬᠥᠲᠦᠯᠦᠨ | ᠵᠢᠯᠣᠭᠤᠳᠪᠠ᠃ | | | | | | | | ᠬᠢᠩᠭᠠᠨ ᠠᠶᠢᠮᠠᠭ | ᠤᠯᠠᠭᠠᠨᠬᠤᠲᠠ ︽ᠨᠠᠮ ᠤᠨ ᠵᠢᠯᠣᠭᠤᠳᠤᠯᠭ᠎ᠠ ᠶᠢ ᠪᠠᠲᠤ ᠴᠡᠭᠡᠵᠢᠯᠡᠵᠦ ᠤᠯᠤᠰ ᠢᠶᠠᠨ ᠬᠦᠴᠦᠷᠬᠡᠭᠵᠢᠭᠦᠯᠬᠦ ᠳᠤ | ᠪᠠᠭᠠᠴᠤᠳ ᠪᠢᠳᠡ ᠪᠣᠢ︾ ᠭᠡᠬᠦ ᠪᠠᠭᠠᠴᠤᠳ ᠤᠨ ᠬᠤᠰᠢᠭᠤᠴᠢ ᠠᠩᠭᠢ ᠶᠢᠨ ᠬᠡᠰᠢᠭᠦᠨ ᠪᠠᠷᠢᠮᠵᠢᠶᠠᠵᠢᠭᠤᠯᠤᠭᠰᠠᠨ | ᠪᠠᠭᠠᠴᠤᠳ ᠤᠨ ᠬᠤᠰᠢᠭᠤᠴᠢ ᠠᠩᠭᠢ ᠳᠤ ᠣᠷᠣᠬᠤ ᠶᠣᠰᠣᠯᠠᠯ ᠢ ᠶᠠᠪᠤᠭᠤᠯᠪᠠ᠃ | | | | | | ᠣᠷᠳᠣᠰ ᠬᠤᠳᠠ | ᠣᠷᠳᠣᠰ ᠬᠤᠲᠠ 2025 ᠣᠨ ᠤ ᠲᠥᠪ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ︽6 · 1︾ ᠤ | ᠦᠳᠡᠰᠢᠯᠡᠭᠡ ᠶᠢᠨ ᠬᠤᠪᠢᠶᠠᠷᠢ ᠬᠤᠷᠠᠯ ᠤᠨ ᠲᠠᠯᠠᠪᠠᠢ ᠪᠣᠯᠤᠭᠰᠠᠨ ᠤ ᠬᠤᠪᠢ ᠳᠤ᠂ ᠪᠦᠬᠦ ᠬᠤᠲᠠ ᠶᠢᠨ 24 | ᠳᠤᠮᠳᠠᠳᠤ ᠪᠠᠭ᠎ᠠ ᠰᠤᠷᠭᠠᠭᠤᠯᠢ ᠶᠢᠨ 500 ᠰᠢᠬᠠᠮ ᠰᠢᠯᠢᠳᠡᠭ ᠰᠤᠷᠤᠭᠴᠢ ᠶᠢ ᠰᠣᠩᠭᠤᠨ ᠲᠣᠮᠢᠯᠠᠵᠤ᠂ ᠳᠣᠯᠣᠭᠠᠨ | ᠰᠢᠯᠢᠳᠡᠭ ᠫᠷᠤᠭ᠍ᠷᠠᠮ ᠢ ᠰᠢᠩᠭᠡᠭᠡᠨ ᠦᠢᠯᠡᠳᠬᠦ ᠳᠤ ᠣᠷᠣᠯᠴᠠᠭᠤᠯᠵᠤ᠂ ᠪᠦᠬᠦ ᠤᠯᠤᠰ ᠤᠨ ᠦᠵᠡᠭᠴᠢᠳ ᠲᠤ ᠰᠢᠨ᠎ᠡ | ᠴᠠᠭ ᠦᠶ᠎ᠡ ᠶᠢᠨ ᠤᠮᠠᠷᠠᠲᠤ ᠬᠢᠯᠢ ᠶᠢᠨ ᠪᠠᠭᠠᠴᠤᠳ ᠬᠡᠦᠬᠡᠳ ᠤᠨ ᠤᠷᠠᠯᠢᠭ ᠤᠨ ᠴᠤᠭ ᠵᠢᠪᠬᠤᠭ᠎ᠠ ᠪᠠ ᠴᠠᠭ | ᠦᠶ᠎ᠡ ᠶᠢᠨ ᠡᠭᠦᠷᠭᠡᠯᠡᠯ ᠢ ᠢᠯᠡᠷᠡᠭᠦᠯᠪᠡ᠃ | | | | | | | | | | ᠵᠡᠭᠦᠨᠭᠠᠷ ᠬᠤᠰᠢᠭᠤᠨ ᠤ ᠰᠢᠦᠸᠡᠢ ᠵᠢᠶᠠ ᠸᠠᠨ ᠶᠢᠰᠦᠳᠦᠭᠡᠷ ᠪᠠᠭ᠎ᠠ ᠰᠤᠷᠭᠠᠭᠤᠯᠢ ︽ᠬᠠᠶᠢᠷ᠎ᠠ ᠪᠠ ᠦᠰᠦᠨ | ᠪᠤᠶᠢᠵᠢᠯᠲᠠ︾ ᠪᠠᠷ ᠭᠤᠣᠯ ᠰᠢᠵᠢᠮ ᠪᠣᠯᠭᠠᠵᠤ᠂ ᠭᠤᠣᠯ ᠰᠡᠳᠦᠪᠲᠦ ᠠᠩᠭᠢ ᠶᠢᠨ ᠬᠤᠷᠠᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠣᠷᠴᠢᠨ ᠠᠬᠤᠢ ᠳᠤ ᠰᠣᠭᠲᠤᠭᠤᠷᠠᠮ᠎ᠠ ᠮᠠᠶ᠋ᠢᠭᠲᠤ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ | ᠬᠡᠦᠬᠡᠳ ᠲᠤ ᠬᠠᠶᠢᠷ᠎ᠠ ᠬᠠᠯᠠᠮᠵᠢ ᠭᠦᠷᠲᠡᠭᠡᠨ᠂ ᠬᠦᠰᠡᠯ ᠵᠡᠭᠦᠳᠦ ᠪᠠᠨ ᠵᠣᠷᠢᠭᠲᠠᠢ ᠬᠥᠭᠡᠭᠡᠴᠡᠯᠳᠦᠬᠦ ᠪᠠᠷ ᠬᠥᠲᠥᠯᠥᠨ | ᠵᠢᠯᠣᠭᠤᠳᠴᠤ᠂ ᠪᠠᠶᠠᠷ ᠤᠨ ᠡᠳᠦᠷ ᠬᠠᠶᠢᠷ᠎ᠠ ᠬᠠᠯᠠᠮᠵᠢ ᠪᠠᠷ ᠪᠢᠯᠬᠠᠷᠠᠪᠠ᠃ | | ᠪᠠᠶᠠᠨᠨᠠᠭᠤᠷ ᠬᠤᠲᠠ | ᠦᠶᠤᠸᠠᠨ ᠰᠢᠶᠠᠨ ᠤ ᠲᠠ ᠡᠯ ᠬᠣ᠋ ᠪᠠᠭ᠎ᠠ ᠰᠤᠷᠭᠠᠭᠤᠯᠢ ︽ᠬᠠᠶᠢᠷ᠎ᠠ ᠬᠠᠯᠠᠮᠵᠢ ᠪᠠᠷ ᠬᠡᠦᠬᠡᠳ ᠤᠨ ᠰᠡᠳᠬᠢᠯ ᠢ | ᠤᠮᠳᠠᠯᠠᠨ᠂ ᠵᠢᠷᠭᠤᠭᠠᠨ ᠰᠠᠷ᠎ᠠ ᠶᠢᠨ ᠨᠢᠭᠡᠨ᠎ᠡ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠬᠠᠶᠢᠷ᠎ᠠ ᠬᠠᠯᠠᠮᠵᠢᠲᠤ | ᠬᠠᠨᠳᠢᠪᠯᠠᠬᠤ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠲᠡᠪᠰᠢᠭᠦᠯᠦᠨ ᠬᠠᠶᠢᠷ᠎ᠠ | ᠬᠠᠯᠠᠮᠵᠢ ᠬᠦᠷᠭᠡᠪᠡ᠃ | | | | | | | | ᠦᠬᠠᠢ ᠬᠤᠲᠠ | ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠭᠤᠸᠠᠩ ᠮᠢᠩ ᠵᠠᠮ ᠤᠨ ᠪᠠᠭ᠎ᠠ ᠰᠤᠷᠭᠠᠭᠤᠯᠢ | ︽6.1︾ ᠢ ᠪᠡᠯᠭᠡᠯᠡᠬᠦ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠢ | ᠨᠡᠭᠡᠭᠡᠵᠦ᠂ ᠰᠤᠷᠤᠭᠴᠢᠳ ᠤᠨ ᠤᠷᠠᠨ ᠪᠢᠴᠢᠯᠭᠡ᠂ ᠤᠷᠠᠨ ᠵᠢᠷᠤᠭ᠂ ᠭᠠᠷ ᠤᠷᠠᠯᠠᠯ ᠤᠨ ᠪᠥᠲᠦᠭᠡᠯ ᠢ ᠲᠥᠪᠯᠡᠷᠡᠭᠦᠯᠦᠨ | ᠳᠡᠯᠭᠡᠨ ᠦᠵᠡᠭᠦᠯᠪᠡ᠃ | | | | | | | | | ᠠᠯᠠᠱᠠ ᠠᠶᠢᠮᠠᠭ | ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠤᠷᠪᠠᠳᠤᠭᠠᠷ ᠬᠡᠦᠬᠡᠳ ᠤᠨ | ᠴᠡᠴᠡᠷᠯᠢᠭ ᠵᠢᠷᠭᠤᠭᠠᠨ ᠰᠠᠷ᠎ᠠ ᠶᠢᠨ ᠨᠢᠭᠡᠨ ᠤ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠣᠭᠯᠠᠯᠲᠠ ᠭᠤᠶᠢᠳᠠ | ᠰᠠᠶᠢᠬᠠᠨ ᠶᠠᠪᠤᠭᠳᠠᠵᠤ᠂ ᠬᠡᠦᠬᠡᠳ ᠤᠨ ᠪᠠᠶᠠᠷᠯᠠᠨ ᠢᠨᠢᠶᠡᠯᠴᠡᠬᠦ ᠳᠠᠭᠤᠨ ᠳᠤ ᠪᠦᠪᠡᠶᠢᠯᠡᠭᠳᠡᠪᠡ᠃ | | | | | | | | ᠠᠯᠠᠱᠠ ᠵᠡᠭᠦᠨ ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ ︽ᠬᠠᠶᠠᠭᠳᠠᠮᠠᠯ ᠡᠳ᠋ ᠢ ᠡᠷᠳᠡᠨᠢ | ᠪᠣᠯᠭᠠᠬᠤ︾ ︽ᠵᠢᠷᠭᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ | ᠴᠠᠭᠠᠰᠤᠨ ᠬᠠᠶᠢᠷᠴᠠᠭ ᠢ ᠺᠠᠢ ᠵᠢᠶᠠ ᠪᠣᠯᠭᠠᠵᠤ᠂ ᠰᠦᠯᠢᠶᠣᠣ ᠤᠭᠤᠲᠠ ᠶᠢ ᠭᠤᠶᠤ ᠪᠠᠩᠵᠠᠯ ᠪᠣᠯᠭᠠᠨ᠂ ᠲᠣᠪᠴᠢ ᠶᠢ | ᠬᠡᠯᠬᠢᠨ ᠰᠣᠲᠤᠷ ᠪᠣᠯᠭᠠᠪᠠ ᠁ ᠪᠢᠴᠢᠬᠠᠨ ᠮᠣᠳᠧᠯ ᠨᠠᠷ ᠤᠨ ᠢᠲᠡᠭᠡᠯ ᠲᠡᠭᠦᠯᠳᠡᠷ ᠠᠯᠬᠤᠭ᠎ᠠ ᠨᠢ ᠡᠭᠦᠳᠦᠯᠲᠡ | ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠬᠠᠮᠰᠢᠭ ᠢ ᠬᠠᠷᠠᠭᠤᠯᠵᠤ᠂ ᠵᠢᠷᠤᠭ ᠲᠥᠯᠦᠪᠯᠡᠭᠴᠢ | ᠪᠣᠯᠤᠭᠰᠠᠨ ᠬᠠᠪᠤ ᠴᠡᠩᠭᠡᠯ ᠢ ᠪᠡᠶᠡᠴᠢᠯᠡᠨ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠬᠠᠶᠠᠭᠳᠠᠮᠠᠯ ᠡᠳ᠋ ᠢ ᠳᠠᠬᠢᠨ | ᠠᠰᠢᠭᠯᠠᠬᠤ ᠶᠢᠨ ᠴᠢᠬᠤᠯᠠ ᠴᠢᠨᠠᠷ ᠢ ᠨᠡᠩ ᠭᠦᠨᠵᠡᠭᠡᠢ ᠣᠶᠢᠯᠠᠭᠠᠭᠤᠯᠪᠠ᠃ | | | | | | | | ᠪᠠᠭᠠᠴᠤᠳ ᠬᠡᠦᠬᠡᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ | ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ | ᠦᠨᠳᠦᠰᠦᠨ ᠡᠭᠦᠷᠭᠡ ᠶᠢᠨ ᠲᠣᠭᠤᠷᠢᠨ ᠳᠤ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠨ ᠢ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠬᠤ ᠪᠠᠷ | ᠬᠥᠲᠦᠯᠦᠨ ᠵᠢᠯᠣᠭᠤᠳᠴᠤ᠂ ᠨᠠᠮ ᠢᠶᠠᠨ ᠬᠠᠶᠢᠷᠠᠯᠠᠨ ᠤᠯᠤᠰ ᠢᠶᠠᠨ ᠬᠠᠶᠢᠷᠠᠯᠠᠵᠤ᠂ ᠰᠢᠮᠲᠡᠨ ᠰᠤᠷᠤᠯᠴᠠᠵᠤ᠂ ᠪᠦᠬᠦ | ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠬᠡᠦᠬᠡᠳ ᠪᠣᠯᠵᠤ ᠬᠥᠮᠥᠵᠢᠭᠳᠡᠨ᠂ | ᠨᠢᠳᠦᠨ ᠳᠤ ᠪᠠᠨ ᠭᠠᠯ ᠲᠠᠢ᠂ ᠨᠢᠭᠤᠷ ᠲᠤ ᠪᠠᠨ ᠴᠤᠭ ᠲᠠᠢ᠂ ᠠᠯᠤᠰ ᠢᠷᠡᠭᠡᠳᠦᠢ ᠭᠡᠭᠡᠨ ᠰᠠᠷᠠᠭᠤᠯ ᠪᠣᠯᠬᠤ ᠶᠢ | ᠬᠦᠰᠡᠨᠡᠮ᠃ | | |