ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠳᠤ | ᠳᠦᠷᠢᠮᠵᠢᠭᠦᠯᠦᠭᠰᠡᠨ ᠬᠢᠲᠠᠳ ᠦᠰᠦᠭ ᠢ ᠰᠣᠨᠣᠰᠴᠤ ᠪᠢᠴᠢᠬᠦ ᠤᠷᠤᠯᠳᠤᠭᠠᠨ ᠢ ᠡᠬᠢᠯᠡᠭᠦᠯᠦᠭᠰᠡᠨ ᠨᠢ ᠳᠤᠮᠳᠠᠳᠤ ᠶᠢᠨ | ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ | | | | | | | | ᠡᠨᠡ ᠤᠳᠠᠭᠠᠨ ᠤ ᠤᠷᠤᠯᠳᠤᠭᠠᠨ ᠢ 7 ᠳᠤᠭᠤᠶᠢᠯᠠᠩ ᠬᠤᠪᠢᠶᠠᠵᠤ᠂ ᠲᠤᠰ ᠲᠤᠰ ᠪᠠᠭ᠎ᠠ ᠰᠤᠷᠭᠠᠭᠤᠯᠢ ᠶᠢᠨ | ᠰᠤᠷᠤᠭᠴᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ | ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠵᠢᠩᠬᠢᠨᠢ ᠠᠩᠭᠢ ᠶᠢᠨ ᠰᠤᠷᠤᠭᠴᠢ ᠶᠢᠨ | ᠳᠤᠭᠤᠶᠢᠯᠠᠩ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠤᠭᠤᠶᠢᠯᠠᠩ ᠪᠣᠯᠤᠨ᠎ᠠ᠃ ᠤᠷᠤᠯᠳᠤᠭᠠᠨ ᠨᠢ | ︽ᠠᠪᠢᠶᠠᠰ ᠴᠢᠳᠠᠯ ᠢᠶᠠᠨ ᠠᠩᠬ᠎ᠠ ᠢᠯᠡᠷᠡᠭᠦᠯᠬᠦ︾᠂ ︽ᠣᠪᠢᠳᠠᠰ ᠢᠶᠠᠨ ᠭᠠᠶᠢᠬᠠᠭᠤᠯᠬᠤ︾᠂ ︽ᠨᠢᠳᠦ ᠬᠤᠷᠴᠠ ᠭᠠᠷ | ᠱᠠᠯᠠᠮᠠᠭᠠᠢ︾ ᠵᠡᠷᠭᠡ 6 ᠭᠤᠶᠢᠳᠠ ᠰᠠᠶᠢᠬᠠᠨ ᠭᠤᠭᠴᠤᠭ᠎ᠠ ᠶᠢ ᠪᠠᠭᠲᠠᠭᠠᠵᠤ᠂ ᠰᠡᠳᠦᠪ ᠢ ᠡᠯᠪᠡᠭ ᠪᠠᠶᠠᠯᠢᠭ ᠣᠯᠠᠨ | ᠶᠠᠩᠵᠤ ᠪᠠᠷ ᠲᠣᠬᠢᠷᠠᠭᠤᠯᠵᠤ᠂ ᠪᠠᠶᠢᠩᠭᠤ ᠬᠡᠷᠡᠭᠯᠡᠬᠦ ᠦᠰᠦᠭ᠂ ᠠᠮᠠᠷᠬᠠᠨ ᠪᠤᠷᠤᠭᠤᠳᠠᠬᠤ ᠦᠰᠦᠭ᠂ ᠦᠭᠡ ᠬᠡᠯᠡᠯᠭᠡ᠂ | ᠥᠪᠡᠷᠮᠢᠴᠡ ᠬᠡᠯᠡᠯᠭᠡ᠂ ᠠᠪᠢᠶᠠᠴᠢᠯᠠᠯ ᠢ ᠰᠣᠨᠣᠰᠤᠨ ᠪᠢᠴᠢᠬᠦ ᠵᠡᠷᠭᠡ ᠶᠢ ᠬᠠᠮᠤᠷᠴᠤ᠂ ᠤᠷᠤᠯᠳᠤᠭᠠᠨ ᠨᠢ ᠪᠠᠰᠠ | ᠡᠷᠲᠡᠨ ᠤ ᠰᠢᠯᠦᠭ ᠳᠠᠭᠤᠯᠠᠯ᠂ ᠣᠳᠣ ᠦᠶ᠎ᠡ ᠶᠢᠨ ᠰᠣᠩᠭᠤᠳᠠᠭ ᠵᠣᠬᠢᠶᠠᠯ᠂ ᠤᠮᠠᠷᠠᠲᠤ ᠬᠢᠯᠢ ᠶᠢᠨ ᠰᠣᠶᠣᠯ ᠲᠠᠢ | ᠤᠶᠠᠯᠳᠤᠭᠤᠯᠤᠨ᠂ ᠤᠷᠤᠯᠳᠤᠭᠠᠨ ᠳᠤ ᠣᠷᠣᠯᠴᠠᠭᠰᠠᠳ ᠲᠤ ᠪᠢᠴᠢᠬᠦ᠂ ᠤᠩᠰᠢᠬᠤ ᠶᠢ ᠰᠣᠨᠣᠰᠬᠤ ᠶᠠᠪᠤᠴᠠ ᠳᠤ | ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠤᠨ ᠭᠤᠸ᠎ᠠ ᠰᠠᠶᠢᠬᠠᠨ ᠢ ᠮᠡᠳᠡᠷᠡᠭᠦᠯᠪᠡ᠃ ᠰᠡᠳᠦᠪ ᠢ | ᠲᠥᠯᠦᠪᠯᠡᠭᠰᠡᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠵᠡᠷᠭᠡ ᠠᠭᠤᠯᠭ᠎ᠠ ᠳᠤ ᠭᠦᠢᠴᠡᠳ ᠠᠭᠤᠰᠴᠤ᠂ ᠤᠷᠤᠯᠳᠤᠭᠠᠨ ᠳᠤ ᠣᠷᠣᠯᠴᠠᠭᠰᠠᠳ ᠤᠷᠤᠯᠳᠤᠭᠠᠨ ᠤ ᠵᠠᠪᠤᠴᠠ ᠳᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠯᠠᠪᠳᠠᠭᠤᠨ ᠪᠠᠲᠤᠲᠠᠢ ᠬᠡᠷᠡᠭᠯᠡᠬᠦ ᠪᠣᠯᠪᠠᠰᠤᠷᠠᠯ ᠤᠨ | ᠰᠠᠭᠤᠷᠢ ᠶᠢ ᠳᠡᠯᠭᠡᠨ ᠦᠵᠡᠭᠦᠯᠵᠦ᠂ ᠨᠢᠭᠡ ᠨᠢᠭᠡ ᠵᠢᠷᠤᠭ᠂ ᠨᠢᠭᠡ ᠨᠢᠭᠡ ᠦᠰᠦᠭ ᠢᠶᠠᠷ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠠᠶᠢᠬᠠᠭᠤᠯᠪᠠ᠃ | | | | | | | | ᠤᠷᠤᠯᠳᠤᠭᠠᠨ ᠢ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ ᠪᠠ ᠰᠢᠢᠳᠪᠦᠷᠢᠲᠦ | ᠤᠷᠤᠯᠳᠤᠭᠠᠨ ᠭᠡᠵᠦ ᠬᠤᠪᠢᠶᠠᠪᠠ᠃ ᠣᠳᠣᠬᠠᠨ ᠳᠤ᠂ ᠠᠩᠬᠠᠨ ᠤ ᠤᠷᠤᠯᠳᠤᠭᠠᠨ ᠨᠢᠭᠡᠨᠲᠡ ᠡᠯ᠎ᠡ ᠠᠶᠢᠮᠠᠭ ᠬᠤᠲᠠ | ᠪᠣᠯᠤᠨ ᠶᠡᠭᠡ ᠳᠡᠭᠡᠳᠦ ᠰᠤᠷᠭᠠᠭᠤᠯᠢ ᠳᠤ ᠡᠬᠢᠯᠡᠵᠦ᠂ 8 ᠳ᠋ᠤᠭᠠᠷ ᠰᠠᠷ᠎ᠠ ᠪᠣᠯᠲᠠᠯ᠎ᠠ ᠦᠷᠭᠦᠯᠵᠢᠯᠡᠨ᠂ ᠰᠢᠢᠳᠪᠦᠷᠢᠲᠦ | ᠤᠷᠤᠯᠳᠤᠭᠠᠨ 10 ᠳ᠋ᠤᠭᠠᠷ ᠰᠠᠷ᠎ᠠ ᠳᠤ ᠶᠠᠪᠤᠭᠳᠠᠬᠤ ᠪᠣᠯᠤᠨ᠎ᠠ᠃ ︵ᠵᠡᠭᠦᠯᠲᠡ᠄ ᠵᠢᠷᠤᠭ ᠪᠣᠯ 2024 ᠣᠨ ᠤ | ᠤᠷᠤᠯᠳᠤᠭᠠᠨ ᠤ ᠭᠤᠶᠢᠳᠠ ᠰᠠᠶᠢᠬᠠᠨ ᠡᠷᠭᠢᠴᠡᠭᠦᠯᠦᠯ ᠪᠣᠯᠤᠨ᠎ᠠ︶ | | | |