ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/9
      5 ᠳ᠋ᠤᠭᠠᠷ ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠬᠠᠮᠲᠤᠷᠠᠨ ︽ᠬᠠᠤᠯᠢ ᠵᠠᠯᠠᠭᠤᠴᠤᠳ ᠪᠠᠭᠠᠴᠤᠳ ᠢ ᠬᠠᠮᠠᠭᠠᠯᠠᠵᠤ᠂ ᠬᠠᠤᠯᠢ ᠲᠦᠭᠡᠮᠡᠯᠵᠢᠭᠦᠯᠬᠦ ᠳᠤ ᠪᠢ ᠪᠤᠢ︾ ᠭᠡᠬᠦ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1.png

      ᠬᠤᠷᠠᠯ ᠠᠴᠠ᠂ ᠵᠠᠯᠠᠭᠤᠴᠤᠳ ᠪᠠᠭᠠᠴᠤᠳ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ

ᠬᠥᠮᠦᠵᠢᠯ ᠢ ᠴᠢᠩᠭᠠᠳᠬᠠᠬᠤ ᠪᠣᠯ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠨᠠᠰᠤᠨ ᠳᠤ ᠦᠯᠦ ᠬᠦᠷᠦᠭᠰᠡᠳ ᠤᠨ ᠬᠠᠤᠯᠢ ᠠᠴᠠ

ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠵᠠᠰᠠᠬᠤ ᠲᠤᠯᠭᠠᠮ ᠱᠠᠭᠠᠷᠳᠠᠯᠭ᠎ᠠ᠂ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠎ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ︽ᠨᠠᠢᠮᠠᠳᠤᠭᠠᠷ ᠲᠠᠪᠤᠨ ᠵᠢᠯ︾᠎ ᠤᠨ ᠬᠠᠤᠯᠢ

ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ

ᠪᠣᠳᠠᠲᠠᠢ ᠠᠷᠭ᠎ᠠ ᠬᠡᠮᠵᠢᠶ᠎ᠡ ᠮᠥᠨ᠃ ᠪᠣᠭᠤᠮᠢ ᠬᠢᠵᠠᠭᠠᠷᠯᠠᠯ ᠢ ᠡᠪᠳᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ 

ᠨᠥᠬᠦᠪᠦᠷᠢᠯᠡᠨ᠂ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ

ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂

ᠰᠤᠷᠤᠯᠴᠠᠬᠤ ᠪᠠ ᠬᠠᠤᠯᠢ ᠶᠢ ᠰᠤᠷᠤᠯᠴᠠᠬᠤ ᠶᠢᠨ ᠬᠠᠷᠢᠴᠠᠭ᠎ᠠ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ

ᠬᠥᠮᠦᠵᠢᠭᠦᠯᠬᠦ ᠪᠠ ᠬᠠᠤᠯᠢ ᠪᠠᠷ ᠵᠠᠰᠠᠵᠤ ᠬᠥᠮᠦᠨ ᠬᠥᠮᠦᠵᠢᠭᠦᠯᠬᠦ ᠶᠢᠨ ᠬᠠᠷᠢᠴᠠᠭ᠎ᠠ᠂ ᠵᠠᠯᠠᠭᠤᠴᠤᠳ ᠪᠠᠭᠠᠴᠤᠳ ᠤᠨ

ᠬᠠᠤᠯᠢ ᠴᠠᠭᠠᠵᠠ ᠎ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠪᠦᠬᠦ ᠠᠷᠠᠳ ᠤᠨ ᠬᠠᠤᠯᠢ ᠴᠠᠭᠠᠵᠠ ᠶᠢᠨ ᠮᠡᠳᠡᠯᠭᠡ ᠶᠢ

ᠲᠦᠭᠡᠮᠡᠯᠵᠢᠭᠦᠯᠬᠦ ᠶᠢᠨ ᠬᠠᠷᠢᠴᠠᠭ᠎ᠠ᠂ ᠬᠠᠤᠯᠢ ᠴᠠᠭᠠᠵᠠ ᠶᠢᠨ ᠮᠡᠳᠡᠯᠭᠡ ᠪᠣᠯᠤᠨ ᠬᠠᠤᠯᠢ ᠪᠠᠷ ᠵᠠᠰᠠᠬᠤ ᠬᠡᠪ

ᠪᠣᠯᠪᠠᠰᠤᠷᠠᠯ ᠤᠨ ᠬᠠᠷᠢᠴᠠᠭ᠎ᠠ᠂ ᠲᠥᠪ ᠶᠣᠰᠣ ᠶᠢ ᠰᠠᠬᠢᠬᠤ ᠪᠠ ᠰᠢᠨ᠎ᠡ ᠶᠢ ᠡᠭᠦᠳᠬᠦ ᠎ ᠶᠢᠨ ᠬᠠᠷᠢᠴᠠᠭ᠎ᠠ ᠶᠢ ᠰᠠᠶᠢᠲᠤᠷ

ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ᠂

ᠰᠤᠷᠭᠠᠭᠤᠯᠢ᠂ ᠨᠡᠶᠢᠭᠡᠮ᠂ ᠭᠡᠷ ᠪᠦᠯᠢ ᠬᠠᠮᠲᠤ ᠳᠤ ᠪᠠᠨ ᠣᠷᠣᠯᠴᠠᠭᠰᠠᠨ ᠵᠠᠯᠠᠭᠤᠴᠤᠳ ᠪᠠᠭᠠᠴᠤᠳ ᠤᠨ ᠬᠠᠤᠯᠢ

ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠰᠢᠨ᠎ᠡ  ᠪᠠᠶᠢᠷᠢᠰᠢᠯᠠᠭᠤᠯᠤᠯᠲᠠ ᠶᠢ ᠤᠯᠠᠮ ᠨᠢᠭᠡ

ᠠᠯᠬᠤᠮ ᠲᠡᠭᠦᠯᠳᠡᠷᠵᠢᠭᠦᠯᠵᠦ᠂ ᠰᠤᠷᠭᠠᠭᠤᠯᠢ ᠶᠢᠨ ︽ᠭᠤᠣᠯ ᠠᠷᠭ᠎ᠠ ᠵᠠᠮ︾᠎ ᠤᠨ ᠦᠢᠯᠡᠳᠦᠯ᠂ ᠭᠡᠷ ᠪᠦᠯᠢ ᠶᠢᠨ

︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾᠎ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ︽ᠬᠡᠨ

ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ

ᠳᠦᠷᠢᠮ ᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠲᠥᠯᠥᠪᠵᠢᠭᠦᠯᠭᠡ ᠶᠢᠨ

ᠪᠠᠶᠢᠷᠢᠯᠠᠭᠤᠯᠤᠯᠲᠠ ᠪᠠ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠬᠥᠮᠦᠵᠢᠯ ᠤᠨ ᠡᠬᠢ

ᠪᠠᠶᠠᠯᠢᠭ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ

ᠡᠩᠨᠡᠭᠡ ᠶᠢ ᠪᠠᠶᠢᠭᠤᠯᠵᠤ᠂ ᠬᠠᠤᠯᠢ ᠪᠠᠷ ᠵᠠᠰᠠᠬᠤ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ

ᠰᠢᠯᠢᠳᠡᠭᠵᠢᠭᠦᠯᠦᠨ᠂ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠦᠢᠯᠡᠳᠦᠯ ᠢ ᠪᠠᠬᠢᠵᠢᠭᠦᠯᠦᠨ ᠥᠷᠭᠡᠳᠬᠡᠵᠦ᠂

ᠨᠠᠮ ᠤᠨ ᠭᠡᠰᠢᠭᠦᠨ ᠺᠠᠳ᠋ᠷ ᠪᠣᠯᠤᠨ ᠪᠠᠭᠰᠢ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠴᠢᠩᠭᠠᠳᠬᠠᠨ᠂

ᠥᠷᠭᠡᠨ ᠣᠯᠠᠨ ᠵᠠᠯᠠᠭᠤᠴᠤᠳ ᠪᠠᠭᠠᠴᠤᠳ ᠤᠨ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠦᠵᠡᠯ ᠰᠠᠨᠠᠭᠠᠨ ᠤ

ᠤᠯᠠᠮᠵᠢᠯᠠᠭᠴᠢ᠂ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ ᠦᠢᠯᠡᠳᠦᠯᠭᠡᠵᠢᠭᠦᠯᠦᠭᠴᠢ ᠪᠣᠯᠭᠠᠬᠤ ᠪᠠᠷ ᠬᠥᠲᠥᠯᠥᠨ

ᠵᠢᠯᠣᠭᠤᠳᠬᠤ ᠬᠡᠷᠡᠭᠲᠡᠢ ᠭᠡᠵᠦ ᠱᠠᠭᠠᠷᠳᠠᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂

ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪᠯᠡᠯ ᠤᠨ ᠬᠤᠷᠢᠶ᠎ᠠ ᠶᠢᠨ ᠬᠠᠮᠢᠶ᠎ᠠ ᠪᠦᠬᠦᠢ ᠭᠠᠵᠠᠷ ᠲᠠᠰᠤᠭ ᠤᠨ

ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ          

ᠲᠠᠮᠢᠷ︶᠎ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ

ᠲᠦᠭᠡᠮᠡᠯᠵᠢᠭᠦᠯᠬᠦ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠤᠷᠭᠠᠨ ᠬᠥᠮᠦᠵᠢᠯ ︵ᠰᠤᠷᠭᠠᠨ ᠬᠥᠮᠦᠵᠢᠯ

ᠪᠡᠶ᠎ᠡ ᠶᠢᠨ ᠲᠠᠮᠢᠷ︶᠎ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ

ᠬᠤᠷᠠᠯ᠂ ᠡᠪᠯᠡᠯ ᠤᠨ ᠬᠤᠷᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠣᠯᠤᠨ ᠡᠯ᠎ᠡ

ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠤᠪᠢᠳᠠᠨ ᠬᠠᠮᠢᠶᠠᠷᠬᠤ

ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠬᠤᠷᠠᠯ ᠳᠤ ᠣᠷᠣᠯᠴᠠᠵᠠᠢ᠃

           

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号