5 ᠳ᠋ᠤᠭᠠᠷ ᠰᠠᠷ᠎ᠠ ᠶᠢᠨ 8 ᠤ ᠡᠳᠦᠷ᠂ 2025 ᠣᠨ ᠤ ᠪᠦᠬᠦ ᠣᠷᠣᠨ ᠤ ᠡᠩ ᠤᠨ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠢ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠡᠷᠬᠢᠯᠡᠭᠴᠢ ᠪᠦᠦ | ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ | ᠵᠥᠪᠯᠡᠯ ᠤᠨ ᠳᠡᠳ᠋ ᠡᠷᠬᠢᠯᠡᠭᠴᠢ ᠳ᠋ᠦ᠋ ᠬᠤᠢ ᠯᠢᠶᠠᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ | ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ 2025 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ | | | | | | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠪᠦᠬᠦ | ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ | ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ | ᠱᠠᠭᠠᠷᠳᠠᠯᠭ᠎ᠠ ᠶᠣᠰᠣᠭᠠᠷ᠂ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ | ᠰᠢᠯᠭᠠᠯᠲᠠ ᠶᠢᠨ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠬᠤᠷᠢᠭ᠎ᠠ ᠱᠤᠭᠤᠮ ᠤᠨ ᠰᠡᠳᠬᠢᠮᠵᠢ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠨ᠂ | ᠡᠯ᠎ᠡ ᠵᠦᠢᠯ ᠤᠨ ᠰᠢᠯᠭᠠᠯᠲᠠ ᠶᠢᠨ ᠪᠡᠯᠡᠳᠭᠡᠯ ᠠᠵᠢᠯ ᠢ ᠨᠠᠷᠢᠨ ᠨᠢᠮᠪᠠᠢ᠂ ᠡᠷᠡᠰ ᠴᠢᠩᠭ᠎ᠠ ᠰᠠᠶᠢᠲᠤᠷ ᠬᠢᠵᠦ᠂ ᠪᠠᠲᠤ | ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ︽ᠠᠮᠤᠷ ᠲᠦᠪᠰᠢᠨ ᠡᠩ ᠤᠨ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ ᠶᠢᠨ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠶᠢ ᠡᠷᠡᠰ ᠳᠠᠰᠤᠷᠬᠠᠢ ᠰᠠᠶᠢᠲᠤᠷ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ | ᠶᠢ ᠨᠠᠶᠢᠳᠠᠪᠤᠷᠢᠵᠢᠭᠤᠯᠵᠤ᠂ ᠰᠤᠷᠤᠭᠴᠢ ᠡᠯᠰᠡᠬᠦ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠰᠤᠷᠭᠠᠭᠤᠯᠢ ᠳᠤ | ᠰᠢᠯᠭᠠᠨ ᠣᠷᠣᠬᠤ ᠠᠵᠠ ᠲᠣᠬᠢᠶᠠᠯ ᠤᠨ ᠡᠷᠬᠡ ᠲᠡᠭᠰᠢ ᠶᠢ ᠶᠡᠭᠡ ᠪᠠᠷ ᠠᠬᠢᠭᠤᠯᠵᠤ᠂ ᠰᠢᠯᠭᠠᠭᠤᠯᠤᠭᠰᠠᠳ ᠲᠤ | ᠦᠢᠯᠡᠴᠢᠯᠡᠬᠦ ᠶᠢ ᠰᠡᠳᠬᠢᠯ ᠲᠠᠯᠪᠢᠨ ᠰᠠᠶᠢᠲᠤᠷ ᠪᠡᠶᠡᠯᠡᠭᠦᠯᠵᠦ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ | ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ | ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ | ᠬᠠᠮᠲᠤᠷᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠨ᠂ ᠮᠡᠳᠡᠭᠡ ᠵᠠᠩᠭᠢ ᠶᠢ ᠳᠠᠷᠤᠢ ᠳᠤ ᠨᠢ | ᠨᠡᠶᠢᠲᠡᠯᠡᠵᠦ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠠᠮ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | | | | | | ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶᠢᠮᠠᠭ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ | ᠵᠥᠪᠯᠡᠯ ᠤᠨ ᠪᠦᠷᠢᠯᠳᠦᠬᠦᠨ ᠨᠢᠭᠡᠴᠢ᠂ ᠰᠤᠷᠭᠠᠨ ᠬᠥᠮᠦᠵᠢᠯ ᠤᠨ ᠰᠢᠰᠲ᠋ᠧᠮ ᠳᠤ ᠰᠠᠭᠤᠭ᠎ᠠ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | |