2025 ᠣᠨ ᠤ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/9
      5 ᠳ᠋ᠤᠭᠠᠷ ᠰᠠᠷ᠎ᠠ ᠶᠢᠨ 8 ᠤ ᠡᠳᠦᠷ᠂ 2025 ᠣᠨ ᠤ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠡᠷᠬᠢᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠳ᠋ᠦ᠋ ᠬᠤᠢ ᠯᠢᠶᠠᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ 2025 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃

1.png

      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠪᠦᠬᠦ

ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠭᠦᠨᠵᠡᠭᠡᠢ

ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠡᠩ  ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ

ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ

ᠱᠠᠭᠠᠷᠳᠠᠯᠭ᠎ᠠ ᠶᠣᠰᠣᠭᠠᠷ᠂ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ

ᠰᠢᠯᠭᠠᠯᠲᠠ ᠶᠢᠨ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠤᠯᠤᠰ

ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂

ᠬᠤᠷᠢᠭ᠎ᠠ ᠱᠤᠭᠤᠮ ᠤᠨ ᠰᠡᠳᠬᠢᠮᠵᠢ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠨ᠂

ᠡᠯ᠎ᠡ ᠵᠦᠢᠯ ᠤᠨ ᠰᠢᠯᠭᠠᠯᠲᠠ ᠶᠢᠨ ᠪᠡᠯᠡᠳᠭᠡᠯ ᠠᠵᠢᠯ ᠢ ᠨᠠᠷᠢᠨ ᠨᠢᠮᠪᠠᠢ᠂ ᠡᠷᠡᠰ ᠴᠢᠩᠭ᠎ᠠ ᠰᠠᠶᠢᠲᠤᠷ ᠬᠢᠵᠦ᠂ ᠪᠠᠲᠤ

ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ︽ᠠᠮᠤᠷ ᠲᠦᠪᠰᠢᠨ ᠡᠩ ᠤᠨ ᠳᠡᠭᠡᠳᠦ

ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ ᠶᠢᠨ ᠴᠢᠬᠤᠯᠠ ᠶᠡᠭᠡ ᠤᠯᠤᠰ

ᠲᠥᠷᠥ ᠶᠢᠨ ᠡᠭᠦᠷᠭᠡ ᠶᠢ ᠡᠷᠡᠰ ᠳᠠᠰᠤᠷᠬᠠᠢ ᠰᠠᠶᠢᠲᠤᠷ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ

 ᠶᠢ ᠨᠠᠶᠢᠳᠠᠪᠤᠷᠢᠵᠢᠭᠤᠯᠵᠤ᠂ ᠰᠤᠷᠤᠭᠴᠢ ᠡᠯᠰᠡᠬᠦ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠰᠤᠷᠭᠠᠭᠤᠯᠢ ᠳᠤ

ᠰᠢᠯᠭᠠᠨ ᠣᠷᠣᠬᠤ ᠠᠵᠠ ᠲᠣᠬᠢᠶᠠᠯ  ᠤᠨ ᠡᠷᠬᠡ ᠲᠡᠭᠰᠢ ᠶᠢ ᠶᠡᠭᠡ ᠪᠠᠷ ᠠᠬᠢᠭᠤᠯᠵᠤ᠂ ᠰᠢᠯᠭᠠᠭᠤᠯᠤᠭᠰᠠᠳ ᠲᠤ

ᠦᠢᠯᠡᠴᠢᠯᠡᠬᠦ ᠶᠢ ᠰᠡᠳᠬᠢᠯ ᠲᠠᠯᠪᠢᠨ ᠰᠠᠶᠢᠲᠤᠷ ᠪᠡᠶᠡᠯᠡᠭᠦᠯᠵᠦ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ

ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ 

ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ

ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ  ᠶᠢ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ

ᠬᠠᠮᠲᠤᠷᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠨ᠂ ᠮᠡᠳᠡᠭᠡ ᠵᠠᠩᠭᠢ ᠶᠢ ᠳᠠᠷᠤᠢ ᠳᠤ ᠨᠢ

ᠨᠡᠶᠢᠲᠡᠯᠡᠵᠦ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ

ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠠᠮ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃

2.png

      ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶᠢᠮᠠᠭ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ

ᠵᠥᠪᠯᠡᠯ ᠤᠨ ᠪᠦᠷᠢᠯᠳᠦᠬᠦᠨ ᠨᠢᠭᠡᠴᠢ᠂ ᠰᠤᠷᠭᠠᠨ ᠬᠥᠮᠦᠵᠢᠯ ᠤᠨ ᠰᠢᠰᠲ᠋ᠧᠮ ᠳᠤ ᠰᠠᠭᠤᠭ᠎ᠠ ᠰᠠᠬᠢᠯᠭ᠎ᠠ ᠪᠠᠲᠤ

ᠪᠠᠶᠢᠴᠠᠭᠠᠬᠤ ᠬᠢᠨᠠᠨ ᠪᠠᠶᠢᠴᠠᠭᠠᠬᠤ ᠪᠠ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ

ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号