ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠡᠯ᠎ᠡ ᠲᠤᠰᠬᠠᠢ ᠮᠡᠷᠭᠡᠵᠢᠯ ᠤᠨ ᠣᠨᠴᠠᠯᠢᠭ ᠲᠠᠢ | ᠨᠢᠭᠲᠠ ᠤᠶᠠᠯᠳᠤᠭᠤᠯᠤᠨ᠂ ᠤᠷ᠎ᠠ ᠴᠢᠳᠠᠪᠤᠷᠢ ᠶᠢ ᠪᠣᠶᠢᠵᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ᠂ | ᠨᠡᠶᠢᠲᠡ ᠶᠢᠨ ᠠᠰᠠᠷᠠᠮᠵᠢ ᠶᠢᠨ ᠦᠢᠯᠡᠳᠦᠯᠭᠡ ᠠᠴᠠ ᠭᠠᠷᠳᠠᠵᠤ᠂ ︽ᠨᠢᠭᠡ ᠥᠷᠲᠡᠭᠡ ᠮᠠᠶ᠋ᠢᠭ︾ ᠤᠨ | ᠰᠤᠷᠤᠭᠴᠢᠳ ᠤᠨ ᠨᠡᠶᠢᠭᠡᠮ ᠲᠣᠭᠤᠷᠢᠭ ᠢ ᠪᠠᠶᠢᠭᠤᠯᠵᠤ᠂ ᠲᠡᠭᠦᠨ ᠢ ᠳᠡᠭᠡᠳᠦ ᠰᠤᠷᠭᠠᠭᠤᠯᠢ ᠶᠢᠨ ᠬᠥᠮᠦᠨ | ᠬᠥᠮᠦᠵᠢᠭᠦᠯᠬᠦ ᠰᠠᠭᠤᠷᠢᠨ ᠭᠠᠵᠠᠷ᠂ ᠰᠤᠷᠤᠭᠴᠢᠳ ᠤᠨ ᠣᠶᠤᠨ ᠰᠠᠨᠠᠭᠠᠨ ᠤ ᠭᠡᠷ ᠣᠷᠣᠨ ᠪᠣᠯᠭᠠᠪᠠ᠃ | ᠣᠶᠢᠷ᠎ᠠ ᠶᠢᠨ ᠵᠢᠯ᠂ ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ︽ᠨᠢᠭᠡ ᠥᠷᠲᠡᠭᠡ | ᠮᠠᠶ᠋ᠢᠭ︾ ᠤᠨ ᠰᠤᠷᠤᠭᠴᠢᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠠᠪᠤᠴᠠ ᠳᠤ᠂ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ︽ᠨᠢᠭᠡ ᠥᠷᠲᠡᠭᠡ ᠮᠠᠶ᠋ᠢᠭ︾ ᠤᠨ | ᠰᠤᠷᠤᠭᠴᠢᠳ ᠤᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠢ ᠪᠠᠶᠢᠭᠤᠯᠤᠨ᠂ ᠰᠤᠷᠤᠭᠴᠢ ᠶᠢᠨ | ᠨᠡᠶᠢᠲᠡ ᠶᠢᠨ ᠪᠠᠶᠢᠷᠢ ᠶᠢᠨ ᠠᠰᠠᠷ ᠤᠨ ᠨᠠᠮ ᠤᠨ ᠡᠭᠦᠷ 6 ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠡᠭᠦᠷ | ᠢᠶᠠᠷ ᠳᠠᠶᠢᠴᠢᠨ ᠪᠠᠬᠢᠯᠡᠯᠲᠡ ᠪᠣᠯᠭᠠᠨ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ︔ | ᠨᠠᠮ ᠳᠤ ᠣᠷᠣᠬᠤ ᠢᠳᠡᠪᠬᠢᠲᠡᠨ᠂ ᠰᠢᠯᠢᠳᠡᠭ ᠡᠪᠯᠡᠯ ᠤᠨ ᠭᠡᠰᠢᠭᠦᠨ ᠢ ᠵᠣᠬᠢᠶᠠᠨ ᠪᠠᠶᠢᠭᠤᠯᠤᠨ ︽ᠥᠪᠡᠷ ᠢ ᠢᠶᠠᠨ | ᠲᠠᠨᠢᠭᠤᠯᠵᠤ᠂ ᠬᠡᠪ ᠳᠠᠭᠤᠷᠢᠶᠠᠯ ᠦᠵᠡᠭᠦᠯᠦᠨ᠂ ᠦᠯᠢᠭᠡᠷ ᠳᠠᠭᠤᠷᠢᠶᠠᠯ ᠪᠣᠯᠬᠤ︾ ᠪᠠᠷ ᠵᠣᠬᠢᠶᠠᠨ ᠪᠠᠶᠢᠭᠤᠯᠵᠤ᠂ ᠨᠠᠮ ᠤᠨ | ᠪᠠᠶᠢᠭᠤᠯᠤᠯᠲᠠ ᠶᠢ ᠨᠡᠶᠢᠭᠡᠮ ᠲᠣᠭᠤᠷᠢᠭ ᠤᠨ ᠬᠥᠮᠦᠨ ᠬᠥᠮᠦᠵᠢᠭᠦᠯᠬᠦ ᠠᠵᠢᠯ ᠳᠤ ᠲᠤᠭᠤᠰᠢᠯᠠᠭᠤᠯᠤᠨ᠂ ︽ᠰᠤᠷᠤᠭᠴᠢᠳ | ᠬᠠᠮᠢᠭ᠎ᠠ ᠪᠠᠶᠢᠪᠠᠯ᠂ ᠨᠠᠮ ᠤᠨ ᠬᠥᠲᠦᠯᠦᠨ ᠳᠠᠭᠠᠭᠤᠯᠬᠤ ᠲᠡᠨᠳᠡ ᠪᠠᠶᠢᠬᠤ︾ ᠶᠢ ᠪᠠᠷᠢᠮᠲᠠᠯᠠᠪᠠ᠃ | ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠰᠠ ᠦᠵᠡᠯ ᠰᠠᠨᠠᠭ᠎ᠠ ᠤᠯᠤᠰ ᠲᠥᠷᠥ ᠶᠢᠨ | ᠪᠠᠭᠰᠢ᠂ ᠰᠤᠷᠤᠭᠴᠢ ᠶᠢᠨ ᠵᠢᠯᠤᠭᠤᠳᠤᠭᠴᠢ ᠪᠠᠭᠰᠢ᠂ ᠬᠠᠪᠰᠤᠷᠤᠨ ᠵᠢᠯᠣᠭᠤᠳᠣᠭᠴᠢ ︵ᠠᠩᠭᠢ ᠶᠢᠨ | ᠡᠷᠬᠢᠯᠡᠭᠴᠢ︶᠂ ᠠᠵᠢᠯ ᠣᠯᠵᠤ ᠦᠢᠯᠡᠰ ᠪᠣᠰᠬᠠᠬᠤ ᠶᠢ ᠵᠢᠯᠣᠭᠤᠳᠬᠤ ᠲᠤᠰᠬᠠᠢ ᠮᠡᠷᠭᠡᠵᠢᠯ ᠤᠨ ᠬᠦᠴᠦᠨ᠂ | ᠰᠡᠳᠬᠢᠴᠡ ᠶᠢ ᠬᠠᠪᠰᠤᠷᠤᠨ ᠵᠢᠯᠣᠭᠤᠳᠬᠤ ᠲᠤᠰᠬᠠᠢ ᠮᠡᠷᠭᠡᠵᠢᠯ ᠤᠨ ᠠᠵᠢᠯᠲᠠᠨ᠂ ᠠᠷᠤ ᠲᠠᠯ᠎ᠠ ᠶᠢᠨ ᠪᠠᠲᠤᠯᠠᠭ᠎ᠠ ᠶᠢᠨ | ᠡᠩᠨᠡᠭᠡ ᠶᠢ ᠵᠣᠬᠢᠶᠠᠨ ᠪᠠᠶᠢᠭᠤᠯᠤᠨ ᠰᠤᠷᠤᠭᠴᠢᠳ ᠤᠨ ᠨᠡᠶᠢᠭᠡᠮ ᠲᠣᠭᠤᠷᠢᠭ ᠲᠤ ᠰᠠᠭᠤᠯᠭᠠᠵᠤ᠂ ᠰᠤᠷᠤᠭᠴᠢᠳ ᠤᠨ | ᠪᠠᠶᠢᠳᠠᠯ ᠪᠠ ᠡᠯ᠎ᠡ ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠡᠵᠡᠮᠰᠢᠵᠦ᠂ ᠰᠤᠷᠤᠭᠴᠢᠳ ᠢ | ᠬᠥᠲᠥᠯᠥᠨ ᠵᠢᠯᠣᠭᠤᠳᠴᠤ ᠡᠯ᠎ᠡ ᠵᠦᠢᠯ ᠤᠨ ᠬᠠᠷᠢᠴᠠᠭ᠎ᠠ᠂ ᠠᠮᠢᠳᠤᠷᠠᠯ ᠰᠤᠷᠤᠯᠴᠠᠯᠭ᠎ᠠ ᠶᠢᠨ ᠶᠠᠪᠤᠴᠠ ᠳᠤ | ᠲᠤᠯᠭᠠᠷᠠᠭᠰᠠᠨ ᠬᠦᠴᠢᠷᠳᠡᠯ ᠢ ᠵᠥᠪ ᠢᠶᠠᠷ ᠰᠢᠢᠳᠪᠦᠷᠢᠯᠡᠪᠡ︔ ᠰᠤᠷᠤᠭᠴᠢᠳ ᠢᠶᠠᠷ ᠦᠵᠡᠯ ᠰᠠᠨᠠᠭ᠎ᠠ ᠣᠨᠣᠯ ᠤᠨ | ᠬᠥᠮᠦᠵᠢᠯ᠂ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠪᠠ ᠬᠥᠮᠦᠨ ᠨᠡᠶᠢᠭᠡᠮ ᠤᠨ ᠬᠡᠪ ᠴᠢᠨᠠᠷ ᠤᠨ ᠬᠥᠮᠦᠵᠢᠯ | ᠬᠢᠯᠭᠡᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠢᠷᠡᠭᠡᠳᠦᠢ ᠶᠢᠨ ᠠᠵᠢᠯ ᠮᠡᠷᠭᠡᠵᠢᠯ ᠤᠨ ᠬᠥᠭᠵᠢᠭᠦᠯᠦᠯᠲᠡ ᠶᠢᠨ | ᠲᠥᠯᠥᠪᠵᠢᠭᠦᠯᠭᠡ ᠶᠢ ᠰᠠᠶᠢᠲᠤᠷ ᠬᠢᠯᠭᠡᠨ᠂ ᠨᠡᠶᠢᠭᠡᠮ ᠳᠡᠭᠡᠷ᠎ᠡ ᠤᠷᠤᠭᠰᠢᠲᠠᠢ ᠭᠠᠷᠬᠤ ᠳᠤ ᠪᠠᠲᠤ ᠪᠠᠬᠢ ᠰᠠᠭᠤᠷᠢ | ᠲᠠᠯᠪᠢᠵᠤ ᠥᠭᠪᠡ᠃ | ᠡᠯ᠎ᠡ ᠵᠦᠢᠯ ᠤᠨ ᠡᠪᠯᠡᠯ ᠪᠦᠯᠬᠦᠮ ᠪᠠᠶᠢᠭᠤᠯᠵᠤ᠂ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠬᠦ | ᠪᠠᠷ ᠳᠠᠮᠵᠢᠭᠤᠯᠤᠨ᠂ ᠰᠤᠷᠤᠭᠴᠢᠳ ᠤᠨ ᠰᠢᠨ᠎ᠡ ᠶᠢ ᠡᠭᠦᠳᠬᠦ ᠴᠢᠳᠠᠪᠤᠷᠢ ᠪᠠ ᠦᠢᠯᠡᠳᠦᠯᠭᠡ ᠶᠢᠨ ᠴᠢᠳᠠᠪᠤᠷᠢ ᠶᠢ | ᠬᠥᠮᠦᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠠᠬᠢᠭᠤᠯᠤᠨ᠂ ᠵᠠᠯᠠᠭᠤ ᠨᠠᠰᠤᠨ ᠤ | ᠬᠦᠴᠦᠨ ᠢ ᠨᠢᠭᠲᠠᠷᠠᠭᠤᠯᠵᠤ᠂ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠪᠡ᠃ ᠰᠤᠷᠤᠭᠴᠢᠳ ᠢ ᠵᠣᠬᠢᠶᠠᠨ | ᠪᠠᠶᠢᠭᠤᠯᠤᠨ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡ᠂ ᠠᠵᠢᠯᠴᠢ ᠠᠷᠪᠢᠴᠢ ᠪᠠᠷ ᠰᠤᠷᠭᠠᠭᠤᠯᠢ ᠡᠷᠬᠢᠯᠡᠬᠦ | ᠵᠡᠷᠭᠡ ᠬᠥᠳᠡᠯᠮᠦᠷᠢ ᠶᠢᠨ ᠦᠢᠯᠡᠳᠦᠯᠭᠡ ᠳᠤ ᠣᠷᠣᠯᠴᠠᠭᠤᠯᠤᠨ᠂ ᠰᠤᠷᠤᠭᠴᠢᠳ ᠢ ᠬᠥᠳᠡᠯᠮᠦᠷᠢᠯᠡᠬᠦ ᠶᠠᠪᠤᠴᠠ ᠳᠤ | ᠴᠢᠳᠠᠪᠤᠷᠢ ᠪᠠᠨ ᠨᠡᠮᠡᠭᠳᠡᠭᠦᠯᠦᠨ᠂ ᠣᠯᠤᠯᠲᠠ ᠲᠥᠷᠥᠭᠳᠡᠯ ᠲᠠᠢ ᠪᠣᠯᠭᠠᠬᠤ ᠪᠠᠷ ᠬᠥᠲᠦᠯᠦᠨ ᠵᠢᠯᠣᠭᠤᠳᠪᠠ᠃ | | | | | | ︽ᠨᠢᠭᠡ ᠥᠷᠲᠡᠭᠡ ᠮᠠᠶ᠋ᠢᠭ︾ ᠤᠨ ᠰᠤᠷᠤᠭᠴᠢᠳ ᠤᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠵᠠᠭᠪᠤᠷ ᠢ ᠪᠠᠶᠢᠭᠤᠯᠬᠤ ᠶᠠᠪᠤᠴᠠ ᠳᠤ ᠰᠤᠷᠤᠭᠴᠢᠳ ᠤᠨ ᠭᠤᠣᠯ ᠴᠣᠭᠴᠠ ᠶᠢᠨ ᠦᠢᠯᠡᠳᠦᠯ ᠢ | ᠪᠠᠳᠠᠷᠠᠭᠤᠯᠬᠤ ᠶᠢᠨ ᠲᠥᠯᠥᠭᠡ᠂ ᠳᠡᠭᠡᠳᠦ ᠰᠤᠷᠭᠠᠭᠤᠯᠢ ᠠᠴᠠ ᠰᠤᠷᠤᠭᠴᠢ ᠨᠠᠮ ᠤᠨ ᠭᠡᠰᠢᠭᠦᠨ᠂ ᠨᠠᠮ ᠳᠤ ᠣᠷᠣᠬᠤ | ᠢᠳᠡᠪᠬᠢᠲᠡᠨ᠂ ᠰᠢᠯᠢᠳᠡᠭ ᠡᠪᠯᠡᠯ ᠤᠨ ᠭᠡᠰᠢᠭᠦᠨ᠂ ᠰᠤᠷᠤᠭᠴᠢ ᠶᠢᠨ ᠭᠤᠣᠯᠯᠠᠭᠴᠢ ᠬᠦᠴᠦᠨ ᠵᠡᠷᠭᠡ ᠶᠢ ᠰᠣᠩᠭᠤᠵᠤ᠂ | ᠰᠤᠷᠤᠭᠴᠢᠳ ᠢ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠡᠩᠨᠡᠭᠡ ᠳᠤ ᠣᠷᠣᠭᠤᠯᠵᠤ᠂ | ᠰᠤᠷᠤᠭᠴᠢᠳ ᠤᠨ ᠥᠪᠡᠷ ᠢ ᠪᠠᠨ ᠬᠠᠮᠢᠶᠠᠷᠴᠤ ᠥᠪᠡᠷ ᠤᠨ ᠪᠡᠶ᠎ᠡ ᠳᠤ ᠪᠠᠨ ᠦᠢᠯᠡᠴᠢᠯᠡᠬᠦ ᠪᠠᠷ ᠳᠠᠮᠵᠢᠭᠤᠯᠤᠨ᠂ ᠶᠡᠭᠡ | ᠶᠠᠪᠤᠳᠠᠯ ᠪᠠᠭ᠎ᠠ ᠶᠠᠪᠤᠳᠠᠯ ᠳᠡᠷᠭᠡᠳᠡᠬᠢ ᠶᠠᠪᠤᠳᠠᠯ ᠢ ︽ᠨᠢᠭᠡ ᠥᠷᠲᠡᠭᠡ ᠮᠠᠶ᠋ᠢᠭ︾ ᠢᠶᠠᠷ ᠰᠢᠢᠳᠪᠦᠷᠢᠯᠡᠬᠦ ᠶᠢ ᠪᠡᠶᠡᠯᠡᠭᠦᠯᠪᠡ᠃ | | | | | | ᠡᠭᠦᠨ ᠠᠴᠠ ᠭᠠᠳᠠᠨ᠎ᠠ᠂ ᠳᠡᠭᠡᠳᠦ ᠰᠤᠷᠭᠠᠭᠤᠯᠢ ᠪᠠᠰᠠ ᠨᠡᠶᠢᠲᠡ ᠶᠢᠨ ᠪᠠᠶᠢᠷᠢ ᠶᠢᠨ ᠠᠰᠠᠷ ᠤᠨ ᠡᠷᠭᠢᠨ | ᠲᠣᠭᠤᠷᠢᠨ ᠤ ᠵᠢᠵᠢᠭ ᠣᠷᠣᠨ ᠵᠠᠢ ᠶᠢ ᠭᠦᠢᠴᠡᠳ ᠠᠰᠢᠭᠯᠠᠨ᠂ ᠨᠡᠶᠢᠭᠡᠮ ᠲᠣᠭᠤᠷᠢᠭ ᠤᠨ ᠴᠢᠳᠠᠮᠵᠢᠲᠤ ᠭᠡᠷ ᠤᠨ | ᠬᠠᠨ᠎ᠠ ᠶᠢᠨ ᠰᠣᠶᠣᠯ ᠤᠨ ᠪᠠᠶᠢᠭᠤᠯᠤᠯᠲᠠ ᠶᠢ ᠥᠷᠨᠢᠭᠦᠯᠵᠦ᠂ ᠬᠠᠨ᠎ᠠ ᠶᠢᠨ ᠬᠡᠷᠡᠮ ᠨᠢᠭᠡ ᠪᠦᠷᠢ ᠶᠢ ᠴᠥᠮ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠭᠠᠨ᠂ ᠰᠤᠷᠤᠭᠴᠢᠳ ᠤᠨ ᠦᠵᠡᠯ ᠰᠠᠨᠠᠭ᠎ᠠ ᠵᠠᠩ ᠮᠣᠷᠠᠯ ᠪᠠ ᠦᠢᠯᠡ | ᠠᠵᠢᠯᠯᠠᠭ᠎ᠠ ᠶᠢᠨ ᠳᠠᠳᠬᠠᠯ ᠳᠤ ᠦᠵᠡᠭᠦᠯᠬᠦ ᠣᠷᠴᠢᠨ ᠲᠣᠭᠤᠷᠢᠨ ᠤ ᠬᠥᠮᠦᠵᠢᠯ ᠪᠠ ᠨᠥᠯᠦᠭᠡᠯᠡᠬᠦ ᠦᠢᠯᠡᠳᠦᠯ ᠢ | ᠪᠠᠳᠠᠷᠠᠭᠤᠯᠵᠤ᠂ ᠰᠤᠷᠤᠭᠴᠢᠳ ᠤᠨ ᠨᠡᠶᠢᠭᠡᠮ ᠲᠣᠭᠤᠷᠢᠭ ᠢ ᠬᠠᠯᠠᠭᠤᠨ ᠳᠤᠯᠠᠭᠠᠨ ᠭᠡᠷ ᠣᠷᠣᠨ ᠪᠣᠯᠭᠠᠪᠠ᠃ | ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︽ᠨᠢᠭᠡ ᠥᠷᠲᠡᠭᠡ ᠮᠠᠶ᠋ᠢᠭ︾ ᠤᠨ ᠰᠤᠷᠤᠭᠴᠢᠳ | ᠤᠨ ᠨᠡᠶᠢᠭᠡᠮ ᠲᠣᠭᠤᠷᠢᠭ ᠢ ᠪᠠᠶᠢᠭᠤᠯᠬᠤ ᠪᠠᠷ ᠳᠠᠮᠵᠢᠭᠤᠯᠤᠨ᠂ ᠰᠤᠷᠤᠭᠴᠢᠳ ᠤᠨ ᠦᠵᠡᠯ ᠰᠠᠨᠠᠭ᠎ᠠ ᠤᠯᠤᠰ | ᠲᠥᠷᠥ ᠶᠢᠨ ᠬᠥᠮᠦᠵᠢᠯ ᠤᠨ ᠠᠵᠢᠯ ᠢ ᠭᠠᠳᠠᠨ᠎ᠠ ᠠᠴᠠ ᠲᠣᠳᠤᠭᠰᠢᠯᠠᠭᠤᠯᠵᠤ᠂ ᠪᠦᠬᠦ ᠲᠠᠯ᠎ᠠ ᠳᠤ ᠠᠭᠤᠰᠬᠠᠨ᠂ | ᠰᠤᠷᠤᠭᠴᠢᠳ ᠤᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ | ᠵᠡᠷᠭᠡ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠪᠠ᠃ | | | |